ᠵᠢᠷᠭᠠᠯᠠᠩ ᠨᠡᠶᠢᠭᠡᠮ ᠲᠤᠭᠤᠷᠢᠭ ᠤᠨ ᠵᠢᠷᠭᠠᠯᠳᠤ ᠨᠠᠰᠤᠳᠠᠶᠢᠴᠤᠳ
ᠨᠡᠶᠢᠲᠡᠯᠡᠭᠰᠡᠨ ᠴᠠᠭ᠄
2023/11/29
    ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡᠳᠤ ᠪᠠᠯᠭᠠᠰᠤ ᠶᠢᠨ ᠵᠢᠷᠭᠠᠯᠠᠩ ᠨᠡᠶᠢᠭᠡᠮ ᠲᠣᠭᠤᠷᠢᠭ ᠲᠤ ᠣᠲᠣ 7929 ᠪᠠᠶᠢᠩᠭᠤ ᠰᠠᠭᠤᠭ᠎ᠠ ᠰᠠᠭᠤᠭᠠᠯᠢ ᠠᠷᠠᠳ ᠪᠣᠶ᠂ ᠡᠭᠦᠨ ᠳᠤ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 1056 ᠪᠣᠶ᠃ ᠨᠡᠶᠢᠭᠡᠮ ᠲᠣᠭᠤᠷᠢᠭ ᠤᠨ ᠨᠠᠰᠤᠳᠠᠶᠢᠴᠤᠳ ᠤᠨ ᠦᠢᠯᠡᠴᠢᠯᠡᠭᠡ ᠶᠢ ᠨᠡᠶᠢᠭᠡᠮᠴᠢᠯᠡᠬᠦ᠂ ᠲᠤᠰᠬᠠᠶᠢᠵᠢᠭᠤᠯᠬᠤ᠂ ᠨᠠᠷᠢᠯᠢᠬᠵᠢᠭᠤᠯᠬᠤ ᠶᠢᠨ ᠲᠥᠯᠥᠭᠡ᠂ 2022 ᠣᠨ ᠤ 9 ᠰᠠᠷ᠎ᠠ ᠳᠤ᠂ ᠨᠡᠶᠢᠭᠡᠮ ᠲᠣᠭᠤᠷᠢᠭ ᠠᠴᠠ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠪᠤᠯᠬᠤ ᠣᠷᠳᠣᠰ ᠬᠤᠲᠠ ᠶᠢᠨ ᠬᠤᠲᠠ ᠶᠢᠨ ᠪᠡᠯᠡ ᠣᠷᠣᠭᠤᠯᠤᠯᠲᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠳᠤ ᠨᠠᠶᠢᠳᠠᠨ ᠨᠡᠶᠢᠭᠡᠮ ᠲᠣᠭᠤᠷᠢᠭ ᠤᠨ ᠨᠠᠰᠤᠳᠠᠶᠢᠴᠤᠳ ᠤᠨ ᠦᠢᠯᠡᠴᠢᠯᠡᠭᠡᠨ ᠤ ᠥᠷᠲᠡᠭᠡ ᠶᠢ ᠡᠵᠡᠩᠨᠡᠭᠦᠯᠤᠨ ᠠᠵᠢᠯᠯᠠᠭᠤᠯᠵᠤ᠂ ᠬᠠᠷᠢᠶ᠎ᠡ ᠣᠷᠣᠨ ᠤ ᠨᠠᠰᠤᠲᠠᠶᠢᠴᠤᠳ ᠲᠤ ᠬᠤᠭᠤᠯᠠ ᠤᠮᠳᠠ ᠶᠢᠨ ᠲᠤᠰᠠᠯᠠᠮᠵᠢ ᠦᠵᠡᠭᠦᠯᠭᠦ ᠬᠤᠭᠤᠯᠠ ᠪᠤᠳᠠᠭ᠎ᠠ ᠭᠦᠷᠭᠡᠭᠦ᠂ ᠡᠮᠴᠢᠯᠡᠭᠡ ᠰᠤᠪᠢᠯᠠᠯᠲᠠ ᠡᠷᠡᠭᠦᠯᠵᠢᠯ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ᠂ ᠬᠢᠴᠢᠶᠡᠯ ᠤᠨ ᠲᠠᠩᠭᠢᠮ᠂ ᠠᠳᠠᠯ ᠠᠬᠤᠶ ᠶᠢᠨ ᠦᠢᠯᠡᠴᠢᠯᠡᠭᠡ ᠵᠡᠷᠭᠡ ᠵᠢᠷᠭᠤᠭᠠᠨ ᠦᠪᠡᠷᠮᠢᠴᠠ ᠤᠨᠴᠠᠯᠢᠬᠳᠤ ᠦᠢᠯᠡᠴᠢᠯᠡᠭᠡᠨ ᠤ ᠲᠥᠷᠥᠯ ᠵᠦᠢᠯ ᠢ ᠬᠠᠩᠭᠠᠵᠤ᠂ ᠨᠠᠰᠤᠲᠠᠶᠢᠴᠤᠳ ᠤᠨ ᠣᠯᠠᠨ ᠶᠠᠩᠵᠤ ᠶᠢᠨ᠂ ᠣᠯᠠᠨ ᠲᠠᠰ ᠳᠠᠪᠬᠤᠷᠭ᠎ᠠ ᠶᠢᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠵᠤ᠂ ᠨᠠᠰᠤᠲᠠᠶᠢᠴᠤᠳ ᠦᠳᠡᠯᠦᠭᠡ ᠨᠠᠰᠤ ᠪᠠᠨ ᠵᠤᠯ ᠵᠢᠷᠭᠠᠯ ᠲᠠᠢ ᠦᠡᠭᠭᠡᠷᠡᠭᠡᠵᠤ ᠪᠠᠶᠢᠨ᠎ᠠ᠃
1.jpg
    ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠬᠤᠭᠤᠯᠠᠨ ᠬᠡᠷ ᠤᠨ ᠬᠤᠭᠤᠯᠠ ᠪᠤᠳᠠᠭᠠᠨ ᠤ ᠦᠨ᠎ᠡ ᠬᠠᠩᠰᠢ ᠭᠢᠮᠳᠠ ᠮᠦᠷᠳᠡᠭᠡᠨ ᠨᠠᠰᠤᠲᠠᠶᠢᠴᠤᠳ ᠤᠨ ᠳᠤᠷᠠᠰᠢᠯ ᠳᠤ ᠨᠠᠩ ᠢᠯᠡᠭᠦᠤ ᠳᠣᠭᠢᠷᠠᠵᠤ᠂ ᠰᠢᠮ᠎ᠡ ᠲᠡᠵᠢᠭᠡᠯ ᠢ ᠳᠣᠭᠢᠷᠠᠭᠤᠯᠬᠤ ᠶᠢ ᠴᠢᠬᠤᠯᠠᠴᠢᠯᠠᠳᠠᠭ᠃ ᠡᠭᠦᠨ ᠠᠴᠠ ᠭᠠᠳᠠᠨ᠎ᠠ᠂ ᠶᠠᠪᠤᠵᠤ ᠰᠠᠭᠤᠬᠤ ᠳᠤ ᠳᠥᠭᠦᠮ ᠦᠭᠡᠢ ᠨᠠᠰᠤᠲᠠᠶᠢᠴᠤᠳ ᠲᠤ ᠦᠨᠡᠨ ᠭᠦ ᠲᠦᠭᠦᠮ ᠦᠵᠡᠭᠦᠯᠭᠦ ᠶᠢᠨ ᠲᠤᠰᠠᠳᠠ᠂ ᠨᠠᠰᠤᠲᠠᠶᠢᠴᠤᠳ ᠬᠤᠭᠤᠯᠠ ᠵᠠᠭᠢᠶᠠᠯᠠᠪᠠᠯ ᠭᠡᠷ ᠲᠤᠨᠢ ᠬᠤᠭᠤᠯᠠ ᠬᠦᠷᠭᠡᠬᠦ ᠦᠢᠯᠡᠴᠢᠯᠡᠭᠡ ᠬᠠᠨᠭ᠍ᠭᠠᠬᠰᠠᠨ ᠪᠠᠶᠢᠨ᠎ᠠ᠃ ᠨᠠᠰᠤᠲᠠᠶᠢᠴᠤᠳ ᠤᠨ ᠬᠤᠭᠤᠯᠠᠨ ᠬᠡᠷ ᠢ ᠠᠰᠢᠭᠯᠠᠯᠲᠠ ᠳᠤ ᠣᠷᠣᠭᠤᠯᠤᠭᠰᠠᠨ ᠠᠴᠠ ᠨᠠᠭᠠᠰᠢ᠂ ᠨᠠᠰᠤᠲᠠᠶᠢᠴᠤᠳ ᠢ ᠬᠦᠨᠳᠦᠯᠡᠵᠦ ᠨᠠᠰᠤᠲᠠᠶᠢᠴᠤᠳ ᠢ ᠬᠠᠶᠢᠷᠠᠯᠠᠬᠤ᠂ ᠠᠷᠠᠳ ᠲᠤ ᠬᠠᠷᠠᠭᠠᠯᠵᠠᠯ ᠦᠵᠡᠭᠦᠯᠭᠦ ᠠᠷᠠᠳ ᠲᠤ ᠲᠥᠬᠦᠮ ᠦᠵᠡᠭᠦᠯᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠠᠷ ᠵᠣᠷᠢᠯᠲᠠ ᠪᠣᠯᠭᠠᠵᠤ᠂ ᠬᠠᠷᠢᠶ᠎ᠠ ᠣᠷᠣᠨ ᠤ ᠨᠠᠰᠤᠲᠠᠶᠢᠴᠤᠳ ᠲᠤ ᠠᠮᠤᠷ ᠲᠦᠪᠰᠢᠨ᠂ ᠴᠢᠨᠠᠷ ᠰᠠᠶᠢᠲᠠᠶ᠂ ᠠᠰᠢᠭᠲᠠᠶ᠂ ᠲᠥᠬᠦᠮ ᠲᠦᠳᠡ ᠬᠤᠭᠤᠯᠠ ᠤᠮᠳᠠᠭᠠᠨ ᠤ ᠦᠢᠯᠡᠴᠢᠯᠡᠭᠡ ᠬᠠᠩᠭᠠᠵᠤ᠂ ᠨᠢᠭᠡᠨᠲᠡ ᠨᠡᠶᠢᠲᠡ 10000 ᠭᠠᠷᠤᠢ ᠬᠥᠮᠦᠨ ᠤᠳᠠᠭ᠎ᠠ ᠳᠤ ᠬᠤᠭᠤᠯᠠ ᠤᠮᠳᠠ ᠶᠢᠨ ᠦᠢᠯᠡᠴᠢᠯᠡᠭᠡ ᠬᠠᠨᠭ᠍ᠭᠠᠬᠰᠠᠨ ᠪᠠᠶᠢᠨ᠎ᠠ᠃
3.jpg  
2.jpg 
        ᠨᠡᠶᠢᠭᠡᠮ ᠲᠣᠭᠤᠷᠢᠭ ᠤᠨ ᠨᠠᠰᠤᠳᠠᠶᠢᠴᠤᠳ ᠤᠨ ᠦᠢᠯᠡᠴᠢᠯᠡᠭᠡᠨ ᠤ ᠥᠷᠲᠡᠭᠡ ᠨᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠷᠳᠡᠭᠡ ᠲᠠᠢ ᠬᠠᠮᠳᠤᠷᠠᠨ᠂ ᠡᠮᠴᠢᠯᠡᠭᠡ ᠰᠤᠪᠢᠯᠠᠯᠲᠠ ᠡᠷᠡᠭᠦᠯᠵᠢᠯ ᠤᠨ ᠦᠢᠯᠡᠴᠢᠯᠡᠭᠡ ᠥᠷᠨᠢᠭᠦᠯᠵᠦ᠂ ᠬᠠᠷᠢᠶ᠎ᠠ ᠣᠷᠣᠨ ᠤ ᠨᠠᠰᠤᠲᠠᠶᠢᠴᠤᠳ ᠲᠤ ᠵᠢᠷᠦᠬᠡᠨ ᠤ ᠯᠤᠭᠰᠢᠯᠲᠠ ᠶᠢᠨ ᠵᠢᠷᠤᠭ᠂ B ᠬᠡᠲᠦ ᠳᠣᠯᠭᠢᠶᠠᠨ᠂ ᠰᠢᠭᠡᠰᠦᠨ ᠤ ᠪᠠᠶᠢᠴᠠᠭᠠᠯᠳᠠ᠂ ᠰᠢᠬᠢᠷ ᠰᠢᠵᠢᠩ ᠤᠨ ᠪᠠᠶᠢᠴᠠᠭᠠᠯᠳᠠ᠂ ᠴᠢᠰᠤᠨ ᠳᠠᠷᠤᠯᠲᠠ ᠵᠡᠷᠭᠡ ᠪᠡᠶ᠎ᠡ ᠶᠢᠨ ᠪᠠᠶᠢᠴᠠᠭᠠᠯᠲᠠ ᠶᠢᠨ ᠦᠢᠯᠡᠴᠢᠯᠡᠭᠡ᠂ ᠬᠢᠲᠠᠳ ᠡᠮᠨᠡᠯᠭᠡ ᠶᠢᠨ ᠹᠢᠽᠢᠺ ᠤᠨ ᠵᠠᠰᠠᠯ᠂ ᠢᠯᠢᠵᠦ ᠨᠤᠬᠤᠯᠠᠬᠤ᠂ ᠰᠣᠷᠣᠭᠤᠯ ᠲᠠᠯᠪᠢᠬᠤ᠂ ᠵᠡᠭᠦᠤ ᠲᠥᠭᠡᠨᠡᠯᠭᠡ ᠵᠡᠷᠭᠡ ᠡᠷᠡᠭᠦᠯᠵᠢᠯ ᠤᠨ ᠦᠢᠯᠡᠴᠢᠯᠡᠭᠡ ᠶᠢ ᠰᠦᠢᠳᠭᠡᠯ ᠬᠤᠷᠢᠶᠠᠬᠤ ᠥᠬᠡᠶ ᠪᠠᠷ ᠬᠠᠩᠭᠠᠵᠤ᠂ ᠲᠤᠰᠬᠠᠶ ᠮᠡᠷᠭᠡᠵᠢᠯᠲᠡᠨ ᠢ ᠤᠷᠢᠵᠤ ᠡᠷᠡᠭᠦᠯ ᠮᠡᠨᠳᠦ ᠶᠢᠨ ᠲᠠᠶᠢᠯᠤᠮᠵᠢ᠂ ᠠᠯᠪᠠᠨ ᠵᠢᠷᠤᠮ ᠤᠨ ᠡᠮᠴᠢᠯᠡᠭᠡ ᠵᠡᠷᠭᠡ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠶᠢ ᠥᠷᠨᠢᠭᠦᠯᠵᠦ᠂ ᠨᠠᠰᠤᠲᠠᠶᠢᠴᠤᠳ ᠪᠠᠭ᠎ᠠ ᠰᠠᠭ᠎ᠠ ᠡᠪᠡᠳᠴᠢᠨ ᠢᠶᠠᠨ ᠨᠡᠶᠢᠭᠡᠮ ᠲᠣᠭᠤᠷᠢᠭ ᠠᠴᠠ ᠭᠠᠷᠬᠤ ᠥᠬᠡᠶ ᠪᠠᠷ ︽ᠬᠡᠷ ᠤᠨ ᠢᠶᠠᠨ ᠡᠭᠦᠳᠡᠨ ᠳᠤ︾ ᠡᠮᠴᠢᠯᠡᠭᠦᠯᠵᠤ᠂ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠭᠥᠷᠳᠡᠬᠦ ᠶᠢ ᠪᠡᠶᠡᠯᠡᠭᠦᠯᠦᠭᠰᠡᠨ ᠪᠠᠶᠢᠨ᠎ᠠ᠃
4.jpg
    ᠵᠢᠷᠭᠠᠯᠠᠩ ᠨᠡᠶᠢᠭᠡᠮ ᠲᠣᠭᠤᠷᠢᠭ ᠤᠨ ᠨᠠᠰᠤᠳᠠᠶᠢᠴᠤᠳ ᠤᠨ ᠦᠢᠯᠡᠴᠢᠯᠡᠭᠡᠨ ᠤ ᠥᠷᠲᠡᠭᠡ ᠳᠤ ᠪᠠᠰᠠ ᠣᠯᠠᠨ ᠴᠢᠳᠠᠮᠵᠢᠳᠤ ᠲᠠᠰᠤᠭ᠂ ᠨᠣᠮ ᠪᠢᠴᠢᠭ ᠤᠨ ᠲᠠᠰᠤᠭ᠂ ᠤᠷᠠᠨ ᠪᠢᠴᠢᠯᠭᠡ ᠶᠢᠨ ᠲᠠᠰᠤᠭ᠂ ᠰᠢᠲᠠᠷ᠎ᠠ ᠶᠢᠨ ᠲᠠᠰᠤᠭ᠂ ᠴᠢᠴᠢᠭᠦᠷ ᠪᠥᠮᠪᠦᠭᠡ ᠶᠢᠨ ᠲᠠᠰᠤᠭ᠂ ᠫᠢᠩᠫᠠᠩ ᠪᠥᠮᠪᠦᠭᠡ ᠶᠢᠨ ᠲᠠᠰᠤᠭ᠂ ᠪᠥᠵᠢᠭ ᠤᠨ ᠲᠠᠰᠤᠭ ᠵᠡᠷᠭᠡ ᠰᠣᠶᠣᠯ ᠪᠡᠶ᠎ᠡ ᠶᠢᠨ ᠲᠠᠮᠢᠷ ᠤᠨ ᠴᠢᠳᠠᠮᠵᠢᠳᠤ ᠲᠣᠭᠤᠷᠢᠭ ᠢ ᠲᠦᠭᠦᠷᠵᠢᠭᠦᠯᠵᠤ᠂ ᠬᠠᠷᠢᠶ᠎ᠠ ᠣᠷᠣᠨ ᠤ ᠨᠠᠰᠤᠲᠠᠶᠢᠴᠤᠳ ᠲᠤ ᠤᠬᠠᠭᠤᠯᠭ᠎ᠠ ᠬᠥᠮᠦᠵᠢᠯ᠂ ᠪᠡᠶ᠎ᠡ ᠶᠢᠨ ᠲᠠᠮᠢᠷ᠂ ᠵᠤᠭ᠎ᠠ ᠴᠡᠩᠭᠡᠯ᠂ ᠰᠣᠶᠣᠯ ᠤᠨ ᠠᠵᠢᠯᠯᠠᠭ᠎ᠠ ᠵᠡᠷᠭᠡ ᠡᠳᠦᠷ ᠲᠤᠲᠤᠮ ᠤᠨ ᠦᠢᠯᠡᠴᠢᠯᠡᠭᠡ ᠬᠠᠩᠭᠠᠵᠤ ᠪᠤᠢ᠃ ᠡᠭᠦᠨ ᠤ ᠬᠠᠮᠲᠤ ᠤᠯᠠᠮᠵᠢᠯᠠᠯᠲᠤ ᠪᠠᠶᠠᠷ ᠤᠨ ᠡᠳᠦᠷ ᠢ ᠲᠤᠭᠢᠶᠠᠯᠳᠤᠭᠤᠯᠤᠨ᠂ ᠣᠯᠠᠨ ᠶᠠᠩᠵᠤ ᠭᠡᠯᠪᠠᠷᠢ ᠲᠠᠢ᠂ ᠪᠠᠶᠠᠯᠢᠭ ᠠᠭᠤᠯᠭ᠎ᠠ ᠪᠦᠭᠦᠢ ᠰᠣᠶᠣᠯ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠠᠵᠢᠯᠯᠠᠭ᠎ᠠ ᠶᠢ ᠥᠷᠨᠢᠭᠦᠯᠵᠦ᠂ ᠨᠠᠰᠤᠲᠠᠶᠢᠴᠤᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠨᠠᠰᠤᠲᠠᠶᠢᠴᠤᠳ ᠤᠨ ᠬᠤᠭᠤᠷᠣᠨᠳᠣᠬᠢ ᠬᠠᠷᠢᠯᠴᠠᠭ᠎ᠠ ᠶᠠᠪᠤᠯᠴᠠᠭ᠎ᠠ ᠶᠢ ᠨᠡᠮᠡᠭᠳᠡᠭᠦᠯᠵᠦ᠂ ᠨᠠᠰᠤᠲᠠᠶᠢᠴᠤᠳ ᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠠᠯᠠᠭᠤᠨ ᠳᠤᠯᠠᠭᠠᠨ ᠪᠠ ᠪᠠᠶᠠᠷ ᠪᠠᠶᠠᠰᠤᠯ ᠢ ᠦᠨᠡᠨ ᠬᠦ ᠮᠡᠳᠡᠷᠡᠭᠦᠯᠵᠤ ᠪᠠᠶᠢᠨ᠎ᠠ᠃ ᠨᠠᠰᠤᠲᠠᠶᠢᠴᠤᠳ ᠤᠨ ᠪᠣᠳᠠᠲᠤ ᠬᠡᠷᠡᠭᠴᠡᠭᠡ ᠲᠠᠢ ᠤᠶᠠᠯᠳᠤᠭᠤᠯᠤᠨ ᠰᠠᠷ᠎ᠠ ᠪᠦᠷᠢ ᠮᠡᠬᠡᠯᠡᠯ ᠢ ᠰᠡᠷᠭᠡᠶᠢᠯᠡᠬᠦ᠂ ᠣᠶᠤᠨᠴᠢ ᠭᠠᠷ ᠤᠲᠠᠰᠤ ᠶᠢ ᠵᠦᠪ ᠭᠡᠷᠡᠭᠯᠡᠭᠦ᠂ ᠰᠡᠳᠭᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠬᠠᠤᠯᠢ ᠴᠠᠭᠠᠵᠠ ᠬᠠᠤᠯᠢ ᠲᠦᠷᠢᠮ ᠢ ᠤᠬᠠᠭᠤᠯᠤᠨ ᠰᠤᠷᠤᠯᠴᠠᠬᠤ᠂ ᠭᠠᠷ ᠤᠷᠠᠯᠠᠯ ᠤᠷᠠᠨ ᠵᠢᠷᠤᠭ ᠤᠨ ᠭᠢᠴᠢᠶᠠᠯ ᠤᠷᠤᠬᠤ ᠵᠡᠷᠭᠡ ᠣᠯᠠᠨ ᠶᠠᠩᠵᠤ ᠬᠡᠯᠪᠡᠷᠢ ᠶᠢᠨ᠂ ᠰᠢᠨ᠎ᠡ ᠰᠣᠷᠭᠤᠭ ᠠᠭᠤᠯᠭ᠎ᠠ ᠪᠦ᠋ᠬᠦᠢ ᠨᠠᠰᠤᠲᠠᠶᠢᠴᠤᠳ ᠤᠨ ᠣᠨᠴᠠᠯᠢᠭ ᠲᠤ ᠨᠡᠶᠢᠴᠡᠭᠰᠡᠨ ᠬᠢᠴᠢᠶᠡᠯ ᠤᠨ ᠲᠠᠩᠭᠢᠮ ᠭᠠᠷᠭᠠᠵᠤ᠂ ᠨᠠᠰᠤᠲᠠᠶᠢᠴᠤᠳ ︽ᠬᠡᠷ ᠤᠨ ᠢᠶᠠᠨ ᠡᠭᠦᠳᠡᠨ︾᠎ ᠳᠤ ᠮᠡᠳᠡᠯᠭᠡ᠂ ᠡᠷᠡᠭᠦᠯ ᠮᠡᠨᠳᠦ᠂ ᠵᠣᠯ ᠵᠢᠷᠭᠠᠯ ᠢ ᠡᠳ᠋ᠯᠠᠬᠦ ᠪᠤᠯᠤᠭᠰᠠᠨ ᠪᠠᠶᠢᠨ᠎ᠠ᠃
6.jpg
    ᠨᠡᠶᠢᠭᠡᠮ ᠲᠣᠭᠤᠷᠢᠭ ᠤᠨ ᠨᠠᠰᠤᠳᠠᠶᠢᠴᠤᠳ ᠤᠨ ᠦᠢᠯᠡᠴᠢᠯᠡᠭᠡᠨ ᠤ ᠥᠷᠲᠡᠭᠡ ᠨᠢ ︽ᠠᠳᠠᠯ ᠠᠬᠤᠶ ᠶᠢᠨ ᠦᠢᠯᠡᠴᠢᠯᠡᠭᠡ + ᠬᠡᠷ ᠤᠨ ᠶᠠᠪᠤᠳᠠᠯ ᠤᠨ ᠦᠢᠯᠡᠴᠢᠯᠡᠭᠡ︾᠎ ᠶᠢᠨ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠠᠷᠢᠶ᠎ᠠ ᠣᠷᠣᠨ ᠤ ᠨᠠᠰᠤᠲᠠᠶᠢᠴᠤᠳ ᠤᠨ ᠡᠳᠦᠷ ᠲᠤᠲᠤᠮ ᠤᠨ ᠠᠷᠢᠭᠤᠨ ᠴᠡᠪᠡᠷ ᠢ ᠬᠠᠮᠠᠭᠠᠯᠠᠬᠤ᠂ ᠰᠢᠯ ᠵᠦᠯᠭᠦᠬᠦ᠂ ᠤᠭᠢᠶᠠᠵᠤ ᠴᠡᠪᠡᠷᠯᠡᠭᠦ ᠵᠡᠷᠭᠡ ᠦᠢᠯᠡᠴᠢᠯᠡᠭᠡ ᠬᠠᠩᠭᠠᠵᠤ᠂ ᠥᠨᠳᠥᠷ ᠨᠠᠰᠤᠲᠠᠶ᠂ ᠭᠡᠷ ᠲᠡᠭᠡᠨ ᠭᠤᠤᠨᠢ ᠭᠠᠭᠴᠠᠭᠠᠷ ᠰᠠᠭᠤᠭ᠎ᠠ᠂ ᠭᠦᠳᠡᠯᠮᠤᠷᠢᠯᠡᠭᠦ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠤᠨ ᠠᠮᠢᠳᠤᠷᠠᠯ ᠢ ᠬᠠᠷᠠᠭᠠᠯᠵᠠᠵᠤ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠳᠥᠭᠦᠮ ᠳᠥᠲᠡ᠂ ᠪᠦᠷᠢᠨ ᠭᠦᠢᠴᠡᠳ᠂ ᠴᠢᠨᠠᠷ ᠰᠠᠶᠢᠲᠠᠶ ᠬᠡᠷ ᠤᠨ ᠶᠠᠪᠤᠳᠠᠯ ᠤᠨ ᠦᠢᠯᠡᠴᠢᠯᠡᠭᠡ ᠬᠦᠷᠲᠡᠭᠡᠵᠡᠢ᠃
5.jpg
    ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠨᠠᠰᠤᠳᠠᠶᠢᠴᠤᠳ ᠤᠨ ᠦᠢᠯᠡᠴᠢᠯᠡᠭᠡᠨ ᠤ ᠥᠷᠲᠡᠭᠡ ᠶᠢᠨ ᠰᠠᠶᠢᠨ ᠳᠤᠷᠠᠴᠤᠤᠯ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠪᠠᠳᠠᠷᠠᠭᠤᠯᠵᠤ᠂ ᠨᠠᠰᠤᠲᠠᠶᠢᠴᠤᠳ ᠲᠤ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ᠂ ᠣᠶᠤᠨ ᠰᠠᠨᠠᠭᠠᠨ ᠤ ᠲᠠᠶᠢᠳᠬᠤᠷᠠᠭᠤᠯᠤᠯ ᠭᠢᠭᠦ᠂ ᠬᠤᠭᠤᠯᠠ ᠪᠤᠳᠠᠭ᠎ᠠ ᠡᠮ ᠪᠤᠳᠠᠰ ᠬᠦᠷᠭᠡᠬᠦ᠂ ᠣᠷᠣᠯᠠᠨ ᠬᠤᠳᠠᠯᠳᠤᠨ ᠠᠪᠴᠤ ᠣᠷᠣᠯᠠᠨ ᠭᠦᠢᠴᠡᠳᠭᠡᠬᠦ ᠵᠡᠷᠭᠡ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠶᠢ 30 ᠭᠠᠷᠤᠶ ᠤᠳᠠᠭ᠎ᠠ ᠬᠠᠩᠭᠠᠵᠤ᠂ ᠪᠥᠬᠦ ᠨᠡᠶᠢᠭᠡᠮ ᠲᠣᠭᠤᠷᠢᠭ ᠢᠶᠠᠷ ᠢᠶᠠᠨ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠬᠠᠶᠢᠷᠠᠯᠠᠬᠤ᠂ ᠬᠠᠮᠲᠤ ᠪᠠᠷ ᠳᠠᠪᠰᠢᠬᠤ ᠰᠠᠶᠢᠨ ᠰᠠᠶᠢᠬᠠᠨᠨᠡᠶᠢᠭᠡᠮ ᠤᠨ ᠬᠡᠪ ᠰᠤᠷᠲᠠᠯ ᠢ ᠪᠣᠶ ᠪᠣᠯᠭᠠᠬᠤ ᠶᠢ ᠬᠥᠲᠥᠯᠦᠨ ᠳᠠᠭᠠᠭᠤᠯᠤᠬᠰᠠᠨ ᠪᠠᠶᠢᠨ᠎ᠠ᠃
7.jpg
 
ᠢᠷᠡᠯᠲᠡ᠄ ᠤᠷᠳᠤᠰ ᠤᠨ ᠡᠳᠤᠷ ᠤᠨ ᠰᠤᠨᠢᠨ