ᠯᠠᠵᠤᠤ ᠶᠢᠨ ᠠᠵᠤ ᠦᠢᠯᠡᠰ ᠨᠢ ᠪᠠᠯᠭᠤᠨ ᠪᠠᠯᠭᠠᠰᠤ ᠶᠢᠨ ᠪᠠᠶᠠᠵᠢᠯ ᠤᠨ ᠠᠯᠳᠠᠨ ᠲᠦᠯᠬᠢᠭᠦᠷ ᠪᠤᠯᠪᠠ
ᠨᠡᠶᠢᠲᠡᠯᠡᠭᠰᠡᠨ ᠴᠠᠭ᠄
2023/11/3
    ᠤᠶᠢᠷ᠎ᠠ ᠶᠢᠨ ᠵᠢᠯ ᠳᠤ᠂ ᠪᠠᠯᠭᠤᠨ ᠪᠠᠯᠭᠠᠰᠤ ᠪᠦᠬᠦ ᠬᠤᠰᠢᠭᠤᠨ ᠤ ︽ᠨᠢᠭᠡ ᠪᠠᠯᠭᠠᠰᠤ ᠨᠢᠭᠡ ᠠᠵᠤ ᠦᠢᠯᠡᠰ᠂ ᠨᠢᠭᠡ ᠲᠤᠰᠬᠤᠨ ᠨᠢᠭᠡ ᠪᠦᠲᠦᠭᠡᠭᠳᠡᠭᠦᠨ︾᠎ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠡᠳᠬᠢᠴᠡ ᠶᠤᠰᠤᠭᠠᠷ᠂ ᠡᠬᠢ ᠪᠠᠶᠠᠯᠢᠭ ᠤᠨ ᠳᠠᠪᠠᠭᠤᠯᠢᠭ᠂ ᠤᠷᠤᠨ ᠪᠠᠶᠢᠷᠢ ᠶᠢᠨ ᠳᠠᠪᠠᠭᠤᠯᠢᠭ ᠳᠤ ᠰᠠᠭᠤᠷᠢᠯᠠᠨ ᠯᠠᠵᠤᠤ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠵᠤ᠂ 475 ᠲᠦᠮᠡᠨ ᠲᠦᠭᠦᠷᠢᠭ ᠪᠡᠯᠡ ᠤᠷᠤᠭᠤᠯᠤᠨ 32 ᠮᠤ᠋ ᠯᠠᠵᠤᠤ ᠲᠠᠷᠢᠬᠤ ᠰᠠᠭᠤᠷᠢᠨ ᠭᠠᠵᠠᠷ ᠢ ᠪᠠᠶᠢᠭᠤᠯᠵᠤ᠂ 480 ᠲᠦᠮᠡᠨ ᠲᠦᠭᠦᠷᠢᠭ ᠪᠡᠯᠡ ᠤᠷᠤᠭᠤᠯᠤᠨ ᠬᠠᠳᠠᠭᠠᠬᠤ᠂ ᠰᠢᠭᠰᠢᠨ ᠰᠤᠩᠭᠤᠬᠤ᠂ ᠨᠥᠬᠡᠴᠡᠯᠡᠬᠦ ᠵᠡᠷᠭᠡ ᠴᠢᠳᠠᠮᠵᠢ ᠲᠠᠢ ᠯᠠᠵᠤᠤ ᠪᠤᠯᠪᠠᠰᠤᠷᠠᠭᠤᠯᠬᠤ ᠦᠢᠯᠡᠳᠪᠦᠷᠢ ᠪᠠᠶᠢᠭᠤᠯᠤᠭᠰᠠᠨ ᠪᠠᠶᠢᠨ᠎ᠠ᠃
微信图片_20231103160812.jpg
    2023 ᠤᠨ ᠳᠤ᠂ ᠪᠠᠯᠭᠤᠨ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ︽ᠥᠪᠥᠷ ᠮᠣᠩᠭᠤᠯ ᠤᠨ ᠬᠤᠤ ᠢᠦᠢ ᠲᠢᠶᠠᠨ ᠵᠢᠶᠤᠤ ᠲᠠᠷᠢᠶᠠᠯᠠᠩ ᠤᠨ ᠬᠢᠵᠠᠭᠠᠷᠲᠤ ᠺᠤᠮᠫᠠᠨᠢ︾᠎ ᠶᠢ ᠤᠷᠤᠭᠤᠯᠤᠨ ᠠᠪᠴᠢᠷᠠᠵᠤ᠂ 4000 ᠮᠤ᠋ ᠯᠠᠵᠤᠤ ᠲᠠᠷᠢᠵᠤ ᠴᠢᠬᠢ ᠪᠤᠶᠢᠵᠢᠭᠤᠯᠬᠤ᠂ ᠰᠢᠯᠵᠢᠭᠦᠯᠦᠨ ᠵᠠᠶᠢᠯᠠᠬᠤ᠂ ᠮᠡᠷᠭᠡᠵᠢᠯ ᠤᠨ ᠵᠢᠯᠥᠭᠤᠳᠤᠯᠭ᠎ᠠ ᠬᠢᠬᠦ᠂ ᠪᠤᠯᠪᠠᠰᠤᠷᠠᠭᠤᠯᠬᠤ ᠶᠢ ᠨᠢᠭᠡ ᠴᠤᠭᠴᠠᠵᠢᠭᠤᠯᠤᠭᠰᠠᠨ ᠵᠠᠬᠢᠶᠠᠯᠭ᠎ᠠ ᠶᠢᠨ ᠲᠠᠷᠢᠶᠠᠯᠠᠩ ᠤᠨ ᠬᠥᠭᠵᠢᠯᠲᠡ ᠶᠢᠨ ᠵᠠᠭᠪᠤᠷ ᠢ ᠬᠡᠷᠡᠭᠵᠢᠭᠦᠯᠦᠭᠰᠡᠨ ᠪᠠᠶᠢᠨ᠎ᠠ᠃ ᠮᠤ᠋ ᠪᠦᠷᠢ ᠶᠢᠨ ᠤᠨᠠᠯᠲᠠ ᠨᠢ 1000 ᠵᠢᠩ ᠤᠷᠴᠢᠮ ᠪᠠᠶᠢᠵᠤ᠂ ᠮᠤ᠋ ᠪᠦᠷᠢ ᠶᠢᠨ ᠤᠷᠤᠯᠭ᠎ᠠ ᠨᠢ ᠪᠠᠷᠤᠭ 5500 ᠲᠦᠭᠦᠷᠢᠭ ᠬᠦᠷᠴᠦ ᠪᠤᠢ᠃
微信图片_20231103160827.jpg
微信图片_20231103160830.jpg
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ