ᠪᠥᠬᠦ ᠬᠤᠲᠠ ᠶᠢᠨ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠶᠡᠷᠦᠩᠬᠡᠶᠢᠯᠡᠭᠰᠡᠨ ᠪᠣᠳᠠᠲᠤ ᠪᠠᠶᠢᠯᠳᠤᠭᠠᠨ ᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠬᠠᠩᠭᠢᠨ ᠬᠤᠰᠢᠭᠤᠨ ᠳᠤ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/11/3
    ᠣᠶᠢᠷ᠎ᠠ ᠳᠤ᠂ 2023 ᠣᠨ ᠳᠤ ᠪᠥᠬᠦ ᠬᠤᠲᠠ ᠶᠢᠨ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠶᠡᠷᠦᠩᠬᠡᠶᠢᠯᠡᠭᠰᠡᠨ ᠪᠣᠳᠠᠲᠤ ᠪᠠᠶᠢᠯᠳᠤᠭᠠᠨ ᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠬᠠᠩᠭᠢᠨ ᠬᠤᠰᠢᠭᠤᠨ ᠳᠤ ᠶᠠᠪᠤᠭᠳᠠᠭᠤᠯᠪᠠ᠃   ᠲᠣᠰ ᠤᠳᠠᠭᠠᠨ ᠤ ᠰᠣᠷᠢᠯᠲᠠ ᠨᠢ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠬᠤ ᠪᠠᠷ ᠪᠣᠳᠠᠲᠤ ᠳᠠᠶᠢᠨ ᠤ ᠠᠬᠤᠶ ᠪᠠᠶᠢᠳᠠᠯ ᠪᠣᠯᠭᠠᠵᠤ᠂ ᠣᠯᠠᠨ ᠵᠦᠢᠯ ᠤᠨ ᠭᠠᠯ ᠤᠨ ᠲᠠᠯᠠᠪᠠᠢ ᠶᠢᠨ ᠲᠥᠷᠥᠯ ᠵᠦᠢᠯ ᠢ ᠪᠠᠶᠢᠷᠢᠯᠠᠭᠤᠯᠵᠤ᠂ ᠣᠯᠠᠨ ᠵᠦᠢᠯ ᠤᠨ ᠬᠢᠴᠢᠶᠡᠯ ᠲᠥᠷᠥᠯ ᠢ ᠳᠠᠭᠤᠷᠢᠶᠠᠵᠤ᠂ ᠰᠠᠯᠬᠢᠨ ᠤ ᠬᠦᠴᠦ ᠪᠠᠷ ᠭᠠᠯ ᠤᠨᠲᠠᠷᠠᠭᠠᠬᠤ ᠮᠠᠰᠢᠨ᠂ ᠤᠰᠤᠨ ᠬᠥᠭᠡᠷᠭᠡ᠂ ᠭᠠᠯ ᠤᠨᠲᠠᠷᠠᠭᠠᠬᠤ ᠤᠰᠤᠨ ᠲᠡᠷᠭᠡ᠂ ᠭᠠᠯ ᠤᠨᠲᠠᠷᠠᠭᠠᠬᠤ ᠮᠠᠰᠢᠨ ᠬᠥᠮᠦᠨ᠂ ᠭᠠᠯ ᠤᠨᠲᠠᠷᠠᠭᠠᠬᠤ ᠮᠠᠰᠢᠨ ᠬᠥᠮᠦᠨ ᠵᠡᠷᠭᠡ ᠲᠣᠨᠤᠭ ᠲᠥᠬᠦᠭᠡᠷᠦᠮᠵᠢ ᠶᠢ ᠬᠡᠷᠡᠭᠯᠡᠵᠦ᠂ ᠬᠤᠲᠠ᠂ ᠬᠤᠰᠢᠭᠤ ᠬᠤᠶᠠᠷ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠨᠵᠢᠯᠡᠬᠦ ᠤᠬᠠᠭᠠᠨᠴᠢ ᠴᠢᠨᠠᠷ᠂ ᠬᠡᠷᠡᠭᠯᠡᠭᠡᠨ ᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠥᠬᠦ ᠲᠠᠯ᠎ᠠ ᠪᠠᠷ ᠰᠢᠯᠭᠠᠨ ᠪᠠᠶᠢᠴᠠᠭᠠᠵᠤ᠂ ᠡᠯ᠎ᠡ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠩᠨᠡᠭᠡ ᠶᠢᠨ ᠵᠣᠬᠢᠶᠠᠨ ᠪᠠᠶᠢᠭᠤᠯᠤᠨ ᠵᠢᠯᠣᠭᠤᠳᠬᠤ᠂ ᠬᠠᠮᠵᠢᠯᠴᠠᠨ ᠪᠠᠶᠢᠯᠳᠤᠬᠤ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠵᠡᠷᠭᠡ ᠪᠣᠳᠠᠲᠤ ᠪᠠᠶᠢᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠵᠦ᠂ ᠵᠢᠱᠢᠭᠰᠡᠨ ᠦᠷ᠎ᠡ ᠪᠦᠲᠦᠮᠵᠢ ᠳᠤ ᠭᠦᠷᠦᠭᠰᠡᠨ ᠪᠠᠶᠢᠨ᠎ᠠ᠃
W020231103352845018516.jpg
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠲᠤᠨ