ᠤᠶᠢᠷ᠎ᠠ ᠶᠢᠨ ᠵᠢᠯ ᠳᠤ᠂ ᠪᠠᠯᠭᠤᠨ ᠪᠠᠯᠭᠠᠰᠤ ᠪᠦᠬᠦ ᠬᠤᠰᠢᠭᠤᠨ ᠤ ︽ᠨᠢᠭᠡ ᠪᠠᠯᠭᠠᠰᠤ ᠨᠢᠭᠡ ᠠᠵᠤ ᠦᠢᠯᠡᠰ᠂ ᠨᠢᠭᠡ ᠲᠤᠰᠬᠤᠨ ᠨᠢᠭᠡ ᠪᠦᠲᠦᠭᠡᠭᠳᠡᠭᠦᠨ︾ ᠤ | ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠡᠳᠬᠢᠴᠡ ᠶᠤᠰᠤᠭᠠᠷ᠂ ᠡᠬᠢ ᠪᠠᠶᠠᠯᠢᠭ ᠤᠨ ᠳᠠᠪᠠᠭᠤᠯᠢᠭ᠂ ᠤᠷᠤᠨ ᠪᠠᠶᠢᠷᠢ ᠶᠢᠨ ᠳᠠᠪᠠᠭᠤᠯᠢᠭ ᠳᠤ | ᠰᠠᠭᠤᠷᠢᠯᠠᠨ ᠯᠠᠵᠤᠤ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠵᠤ᠂ 475 ᠲᠦᠮᠡᠨ ᠲᠦᠭᠦᠷᠢᠭ ᠪᠡᠯᠡ ᠤᠷᠤᠭᠤᠯᠤᠨ 32 ᠮᠤ᠋ ᠯᠠᠵᠤᠤ ᠲᠠᠷᠢᠬᠤ ᠰᠠᠭᠤᠷᠢᠨ | ᠭᠠᠵᠠᠷ ᠢ ᠪᠠᠶᠢᠭᠤᠯᠵᠤ᠂ 480 ᠲᠦᠮᠡᠨ ᠲᠦᠭᠦᠷᠢᠭ ᠪᠡᠯᠡ ᠤᠷᠤᠭᠤᠯᠤᠨ ᠬᠠᠳᠠᠭᠠᠬᠤ᠂ ᠰᠢᠭᠰᠢᠨ ᠰᠤᠩᠭᠤᠬᠤ᠂ ᠨᠥᠬᠡᠴᠡᠯᠡᠬᠦ ᠵᠡᠷᠭᠡ ᠴᠢᠳᠠᠮᠵᠢ ᠲᠠᠢ ᠯᠠᠵᠤᠤ | ᠪᠤᠯᠪᠠᠰᠤᠷᠠᠭᠤᠯᠬᠤ ᠦᠢᠯᠡᠳᠪᠦᠷᠢ ᠪᠠᠶᠢᠭᠤᠯᠤᠭᠰᠠᠨ ᠪᠠᠶᠢᠨ᠎ᠠ᠃ | | | 2023 ᠤᠨ ᠳᠤ᠂ ᠪᠠᠯᠭᠤᠨ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ︽ᠥᠪᠥᠷ ᠮᠣᠩᠭᠤᠯ ᠤᠨ ᠬᠤᠤ ᠢᠦᠢ ᠲᠢᠶᠠᠨ ᠵᠢᠶᠤᠤ | ᠲᠠᠷᠢᠶᠠᠯᠠᠩ ᠤᠨ ᠬᠢᠵᠠᠭᠠᠷᠲᠤ ᠺᠤᠮᠫᠠᠨᠢ︾ ᠶᠢ ᠤᠷᠤᠭᠤᠯᠤᠨ ᠠᠪᠴᠢᠷᠠᠵᠤ᠂ 4000 ᠮᠤ᠋ ᠯᠠᠵᠤᠤ ᠲᠠᠷᠢᠵᠤ ᠴᠢᠬᠢ ᠪᠤᠶᠢᠵᠢᠭᠤᠯᠬᠤ᠂ ᠰᠢᠯᠵᠢᠭᠦᠯᠦᠨ ᠵᠠᠶᠢᠯᠠᠬᠤ᠂ | ᠮᠡᠷᠭᠡᠵᠢᠯ ᠤᠨ ᠵᠢᠯᠥᠭᠤᠳᠤᠯᠭ᠎ᠠ ᠬᠢᠬᠦ᠂ ᠪᠤᠯᠪᠠᠰᠤᠷᠠᠭᠤᠯᠬᠤ ᠶᠢ ᠨᠢᠭᠡ ᠴᠤᠭᠴᠠᠵᠢᠭᠤᠯᠤᠭᠰᠠᠨ ᠵᠠᠬᠢᠶᠠᠯᠭ᠎ᠠ ᠶᠢᠨ ᠲᠠᠷᠢᠶᠠᠯᠠᠩ ᠤᠨ ᠬᠥᠭᠵᠢᠯᠲᠡ ᠶᠢᠨ ᠵᠠᠭᠪᠤᠷ ᠢ | ᠬᠡᠷᠡᠭᠵᠢᠭᠦᠯᠦᠭᠰᠡᠨ ᠪᠠᠶᠢᠨ᠎ᠠ᠃ ᠮᠤ᠋ ᠪᠦᠷᠢ ᠶᠢᠨ ᠤᠨᠠᠯᠲᠠ ᠨᠢ 1000 ᠵᠢᠩ ᠤᠷᠴᠢᠮ ᠪᠠᠶᠢᠵᠤ᠂ ᠮᠤ᠋ ᠪᠦᠷᠢ ᠶᠢᠨ ᠤᠷᠤᠯᠭ᠎ᠠ ᠨᠢ ᠪᠠᠷᠤᠭ 5500 ᠲᠦᠭᠦᠷᠢᠭ | ᠬᠦᠷᠴᠦ ᠪᠤᠢ᠃ | | | | | | |