ᠳ᠋ᠦ᠋ ᠬᠤᠢ ᠯᠢᠶᠠᠩ ᠤᠲᠤᠭ ᠤᠨ ᠡᠮᠦᠨᠡᠲᠦ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/11/30
    ᠤᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠤᠲᠤᠭ ᠤᠨ ᠡᠮᠦᠨᠡᠲᠦ ᠬᠤᠰᠢᠭᠤᠨ  ᠳᠤ ᠠᠵᠤ ᠦᠢᠯᠡᠰ ᠤᠨ ᠬᠥᠭᠵᠢᠯᠲᠡ᠂ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠤᠳ ᠢ ᠪᠠᠶᠢᠴᠠᠭᠠᠨ ᠰᠤᠳᠤᠯᠪᠠ᠃
11.jpg
    ᠶᠢᠨ ᠨᠢᠦ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠺᠤᠮᠫᠠᠨᠢ ᠶᠢᠨ ᠰᠢᠨ᠎ᠡ ᠪᠠᠷ ᠪᠠᠶᠢᠭᠤᠯᠤᠭᠰᠠᠨ ᠨᠤᠤᠯᠤᠭᠤᠷ ᠰᠠᠮᠨᠠᠬᠤ ᠦᠢᠯᠡᠳᠪᠦᠷᠢ ᠶᠢᠨ ᠲᠥᠷᠥᠯ ᠵᠦᠢᠯ ᠤᠨ ᠠᠬᠤᠢ ᠲᠠᠯᠠᠪᠠᠢ ᠳᠤ᠂ ᠳ᠋ᠦ᠋ ᠬᠤᠢ ᠯᠢᠶᠠᠩ ᠪᠦᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠪᠠ᠃ ᠲᠡᠷᠡ᠂ ᠨᠢᠭᠡᠳᠦᠭᠡᠷ ᠠᠵᠤ ᠦᠢᠯᠡᠰ ᠢ ᠳᠠᠬᠢᠨ ᠴᠤᠭᠴᠠᠯᠠᠬᠤ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠤ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠨ᠂ ᠤᠷᠤᠰᠢᠨ ᠠᠮᠢᠳᠤᠷᠠᠬᠤ ᠳᠤ ᠲᠠᠭᠠᠯᠠᠮᠵᠢᠲᠠᠢ ᠦᠢᠯᠡᠰ ᠪᠦᠲᠦᠭᠡᠬᠦ ᠳᠤ ᠲᠤᠬᠢᠷᠠᠮᠵᠢᠲᠠᠢ ᠨᠡᠩ ᠤᠯᠠᠨ ᠳᠠᠭᠤᠷᠢᠶᠠᠯ ᠦᠵᠡᠭᠦᠯᠬᠦ ᠭᠠᠴᠠᠭ᠎ᠠ ᠲᠤᠰᠬᠤᠨ ᠢ ᠪᠦᠲᠦᠭᠡᠨ ᠪᠠᠶᠢᠭᠤᠯᠵᠤ᠂ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠪᠡ᠃
12.jpg
    ᠣᠯᠵᠠᠴᠢ ᠪᠠᠯᠭᠠᠰᠤᠨ ᠤ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ ᠲᠤᠭᠤᠷᠢᠭ ᠲᠤ᠂ ᠳ᠋ᠦ᠋ ᠬᠤᠢ ᠯᠢᠶᠠᠩ ᠣᠯᠵᠠᠴᠢ ᠪᠠᠯᠭᠠᠰᠤᠨ ᠤ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠶᠡᠷᠦᠩᠬᠡᠶᠢᠯᠡᠨ ᠵᠠᠰᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠨᠠᠷᠢᠨ ᠤᠶᠢᠯᠭᠠᠪᠠ᠃ ᠲᠡᠷᠡ᠂ ︽ᠤᠰᠤ ᠪᠠᠷ ᠳᠥᠷᠪᠡ ᠶᠢ ᠲᠤᠭᠲᠠᠭᠠᠬᠤ︾ ᠵᠠᠷᠴᠢᠮ ᠢ ᠪᠠᠷᠢᠮᠲᠠᠯᠠᠨ᠂ ᠤᠰᠤᠨ ᠤ ᠬᠤᠯᠪᠤᠭᠳᠠᠯ ᠪᠦᠬᠦᠢ ᠠᠵᠢᠯ ᠢ ᠰᠠᠶᠢᠲᠤᠷ ᠬᠢᠵᠤ᠂ ᠡᠷᠲᠡ ᠠᠴᠠ ᠵᠠᠰᠠᠵᠤ ᠪᠠᠭ᠎ᠠ ᠠᠴᠠ ᠨᠢ ᠵᠠᠰᠠᠵᠤ᠂ ᠰᠢᠰᠲ᠋ᠧᠮ ᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠦᠨ᠂ ᠤᠤᠭᠤᠬᠤ ᠤᠰᠤᠨ ᠤ ᠠᠮᠤᠷ ᠳᠥᠪᠰᠢᠨ ᠤ ᠪᠠᠲᠤᠯᠠᠭ᠎ᠠ ᠶᠢᠨ ᠬᠢᠷᠢ ᠳᠥᠪᠰᠢᠨ ᠢ ᠦᠷᠭᠦᠯᠵᠢᠯᠡᠨ ᠳᠡᠭᠡᠭᠰᠢᠯᠡᠭᠦᠯᠵᠤ᠂ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠶᠡᠭᠡ ᠪᠠᠷ ᠳᠡᠯᠭᠡᠷᠡᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠥᠨᠳᠥᠷ ᠪᠦᠲᠦᠮᠵᠢᠲᠡᠢ ᠠᠰᠢᠭᠯᠠᠬᠤ ᠬᠢᠷᠢ ᠳᠥᠪᠰᠢᠨ ᠢ ᠳᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃
13.jpg
    ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ᠂ ᠳ᠋ᠦ᠋ ᠬᠤᠢ ᠯᠢᠶᠠᠩ ᠬᠦᠷᠢᠶᠡᠯᠡᠩ ᠲᠤᠭᠤᠷᠢᠭ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠪᠤᠯᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠤᠭᠰᠠᠨ ᠤ ᠬᠠᠮᠲᠤ ᠥᠪᠥᠷ ᠮᠤᠩᠭᠤᠯ ᠤᠨ ᠪᠠᠷᠠᠭᠤᠨ ᠬᠡᠰᠡᠭ ᠤᠨ ᠤᠷᠳᠤᠰ ᠤᠨ ᠨᠡᠭᠦᠷᠡᠰᠦ ᠮᠠᠯᠲᠠᠭᠰᠠᠨ ᠠᠴᠠ ᠪᠤᠯᠵᠤ ᠳᠤᠷᠤᠭᠰᠢ ᠰᠠᠭᠤᠭᠳᠠᠭᠰᠠᠨ ᠤᠷᠤᠨ ᠤ ᠰᠢᠨ᠎ᠡ ᠡᠨᠧᠷᠬᠢ ᠶᠢᠨ ᠲᠥᠷᠥᠯ ᠵᠦᠢᠯ᠂ ᠷᠦᠨ ᠶᠠᠩ ᠶᠤᠸᠠᠢ ᠳ᠋ᠠ ᠭᠡᠷᠡᠯ ᠴᠡᠨᠡᠭ ᠤᠨ ᠲᠤᠨᠤᠭᠯᠠᠯ ᠦᠢᠯᠡᠳᠬᠦ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠤᠷᠢᠶᠠᠯ ᠦᠵᠡᠭᠦᠯᠬᠦ ᠲᠥᠷᠥᠯ ᠵᠦᠢᠯ᠂ ᠱᠧᠨ ᠨᠧᠩ ᠭᠡᠷᠡᠯ ᠴᠡᠨᠡᠭ ᠢᠶᠠᠷ ᠤᠰᠤᠳᠦ᠋ᠷᠦᠭᠴᠢ ᠦᠢᠯᠡᠳᠬᠦ ᠲᠥᠷᠥᠯ ᠵᠦᠢᠯ ᠤᠨ ᠠᠬᠤᠢ ᠲᠠᠯᠠᠪᠠᠢ ᠳᠤ ᠬᠦᠷᠴᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠤᠳᠠᠲᠠᠢ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ᠂ ᠬᠥᠭᠵᠢᠯᠲᠡ ᠶᠢᠨ ᠠᠵᠠ ᠲᠤᠬᠢᠶᠠᠯ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠠᠵᠠ ᠲᠤᠬᠢᠶᠠᠯ ᠢ ᠡᠵᠡᠮᠳᠡᠵᠤ᠂ ᠳᠡᠯᠡᠬᠡᠢ ᠶᠢᠨ ᠬᠠᠷᠠᠭᠠᠨ ᠳᠤ ᠰᠠᠭᠤᠷᠢᠯᠠᠨ᠂ ᠪᠦᠬᠦ ᠠᠵᠤ ᠦᠢᠯᠡᠰ ᠤᠨ ᠬᠡᠯᠬᠢᠶ᠎ᠡ ᠂ ᠳᠡᠯᠡᠬᠡᠶᠢᠵᠢᠯᠲᠡ᠂ ᠪᠤᠬᠢᠷᠳᠤᠯ ᠦᠭᠡᠢ ᠪᠤᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠤ᠂ ᠰᠢᠰᠲ᠋ᠧᠮ ᠲᠠᠢ ᠲᠥᠯᠥᠪᠵᠢᠭᠦᠯᠬᠦ  ᠶᠢ ᠴᠢᠩᠭᠠᠳᠬᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠤ᠂ ᠠᠵᠤ ᠦᠢᠯᠡᠰ ᠢ ᠦᠨᠡᠨ ᠬᠦ ᠰᠠᠶᠢᠲᠤᠷ ᠪᠤᠶᠢᠵᠢᠭᠤᠯᠵᠤ ᠬᠥᠭᠵᠢᠭᠦᠯᠦᠨ᠂ ᠠᠵᠢᠯ ᠲᠥᠷᠥᠯ ᠤᠨ ᠬᠡᠪ ᠳᠠᠭᠤᠷᠢᠶᠠᠯ ᠪᠤᠯᠬᠤ ᠪᠠᠷ ᠴᠢᠷᠮᠠᠶᠢᠬᠤ ᠬᠡᠷᠡᠭᠲᠡᠢ ᠭᠡᠪᠡ᠃
14.jpg
    ᠬᠦᠷᠦᠭᠰᠡᠨ ᠭᠠᠵᠠᠷ ᠪᠤᠯᠭᠠᠨ ᠳᠤ᠂ ᠳ᠋ᠦ᠋ ᠬᠤᠢ ᠯᠢᠶᠠᠩ ᠪᠠᠷᠢᠯᠭ᠎ᠠ ᠶᠢᠨ ᠠᠵᠢᠯ ᠤᠨ ᠠᠮᠤᠷ ᠳᠥᠪᠰᠢᠨ ᠤ ᠠᠷᠭ᠎ᠠ ᠬᠡᠮᠵᠢᠶ᠎ᠡ ᠶᠢ ᠨᠡᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠤ᠂ ᠠᠮᠤᠷ ᠳᠥᠪᠰᠢᠨ ᠤ ᠤᠬᠠᠮᠰᠠᠷ ᠢ ᠪᠠᠲᠤ ᠪᠤᠢ ᠪᠤᠯᠭᠠᠵᠤ᠂ ᠬᠦᠮᠦᠨ ᠢᠶᠠᠷ ᠰᠡᠭᠡᠶᠢᠯᠡᠬᠦ ᠮᠡᠷᠭᠡᠵᠢᠯ  ᠢᠶᠠᠷ ᠰᠡᠷᠬᠡᠶᠢᠯᠡᠬᠦ ᠡᠷᠴᠢᠮ ᠢ ᠴᠢᠩᠭᠠᠷᠠᠭᠤᠯᠤᠨ᠂ ᠡᠯ᠎ᠡ ᠵᠦᠢᠯ ᠤᠨ ᠳᠠᠯᠲᠠ ᠬᠡᠮ ᠢ ᠦᠨᠡᠨ ᠬᠦ ᠠᠷᠢᠯᠭᠠᠵᠤ᠂ ᠠᠮᠤᠷ ᠳᠥᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠠᠬᠢᠬᠤ ᠬᠡᠷᠡᠭᠲᠡᠢ ᠭᠡᠵᠤ ᠴᠢᠬᠤᠯᠠᠴᠢᠯᠠᠪᠠ᠃  
ᠢᠷᠡᠯᠲᠡ᠄ ᠤᠷᠳᠤᠰ ᠤᠨ ᠡᠳᠦᠷ ᠤᠨ ᠰᠤᠨᠢᠨ​