ᠤᠶᠢᠷ᠎ᠠ ᠶᠢᠨ ᠡᠳᠦᠷ᠂ ᠬᠥᠳᠡᠭᠡ ᠠᠵᠤ ᠠᠬᠤᠢ ᠬᠥᠳᠡᠭᠡ ᠲᠤᠰᠬᠤᠨ ᠤ ᠶᠠᠮᠤᠨ ᠰᠧᠴᠤᠸᠠᠨ ᠮᠤᠵᠢ ᠶᠢᠨ ᠴᠧᠩᠳᠦ᠋ ᠬᠤᠲᠠ ᠳᠤ ᠭᠤᠷᠪᠠᠳᠤᠭᠠᠷ ᠪᠦᠯᠦᠭ ᠤᠨ | ᠤᠯᠤᠰ ᠤᠨ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠳᠥᠪᠰᠢᠨ ᠤ ᠰᠢᠶᠠᠨ ᠳᠤ ᠫᠠᠶᠢᠰᠠ ᠤᠯᠭᠤᠪᠠ᠂ ᠳᠠᠯᠠᠳ ᠬᠤᠰᠢᠭᠤ ︽ᠤᠯᠤᠰ ᠤᠨ | ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠳᠥᠪᠰᠢᠨ ᠤ ᠰᠢᠶᠠᠨ︾ ᠢ ᠠᠮᠵᠢᠯᠲᠠ ᠲᠠᠢ ᠡᠭᠦᠲᠦᠨ ᠪᠠᠶᠢᠭᠤᠯᠤᠭᠰᠠᠨ ᠢ ᠬᠠᠷᠠᠭᠤᠯᠵᠤ᠂ ᠲᠤᠰ | ᠬᠤᠰᠢᠭᠤ ᠪᠠᠰᠠ ᠨᠢᠭᠡᠨ ᠪᠤᠬᠢᠷᠳᠤᠯ ᠦᠭᠡᠢ ᠨᠡᠷ᠎ᠡ ᠶᠢᠨ ᠬᠠᠭᠤᠳᠠᠰᠤ ᠲᠠᠢ ᠪᠤᠯᠤᠭᠰᠠᠨ ᠪᠠᠶᠢᠨ᠎ᠠ᠃ | ᠤᠶᠢᠷ᠎ᠠ ᠶᠢᠨ ᠵᠢᠯ ᠤᠳ ᠠᠴᠠ᠂ ᠳᠠᠯᠠᠳ ᠬᠤᠰᠢᠭᠤ ︽ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ ᠪᠤᠬᠢᠷᠳᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ᠂ | ᠲᠥᠷᠥᠯ ᠲᠡᠮᠳᠡᠭᠲᠦ ᠪᠠᠷ ᠲᠠᠷᠢᠶᠠᠯᠠᠩ ᠢ ᠬᠦᠴᠦᠷᠭᠡᠭᠵᠢᠭᠦᠯᠬᠦ︾ ᠪᠠᠷ ᠬᠠᠷᠠᠯᠳᠠ ᠪᠤᠯᠭᠠᠵᠤ᠂ ᠤᠯᠤᠰ ᠤᠨ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ | ᠠᠮᠤᠷ ᠳᠥᠪᠰᠢᠨ ᠤ ᠰᠢᠶᠠᠨ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠵᠤ᠂ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ | ᠳᠥᠪᠰᠢᠨ ᠤ ᠬᠢᠨᠠᠨ ᠬᠠᠮᠢᠶᠠᠷᠤᠯᠳᠠ ᠶᠢᠨ ᠰᠡᠷᠭᠡᠶᠢᠯᠡᠯᠲᠡ ᠶᠢᠨ ᠱᠤᠭᠤᠮ ᠢ ᠳᠠᠰᠤᠷᠠᠯᠲᠠ ᠦᠭᠡᠢ ᠪᠠᠬᠢᠵᠢᠭᠦᠯᠵᠡᠢ᠃ ︽ᠨᠦᠩ ᠠᠨ ᠥᠪᠥᠷ ᠮᠤᠩᠭᠤᠯ︾ ᠲᠤᠮᠤ | ᠳ᠋ᠠᠶᠢᠲ᠋ᠠ ᠶᠢᠨ ᠤᠶᠤᠨᠴᠢ ᠬᠢᠨᠠᠯᠲᠠ ᠬᠠᠮᠢᠶᠠᠷᠤᠯᠳᠠ ᠪᠠ ᠦᠢᠯᠡᠴᠢᠯᠡᠭᠡᠨ ᠤ ᠳᠠᠪᠴᠠᠩ ᠢ ᠪᠦᠬᠦ ᠲᠠᠯ᠎ᠠ ᠪᠠᠷ ᠡᠬᠢᠯᠡᠨ ᠬᠡᠷᠡᠭᠯᠡᠵᠤ᠂ ᠬᠤᠰᠢᠭᠤ ᠪᠠᠯᠭᠠᠰᠤ ᠲᠤᠰᠬᠤᠨ ᠪᠠ | ᠡᠵᠡᠩᠨᠡᠯᠲᠡ ᠶᠢᠨ ᠭᠤᠤᠯ ᠴᠤᠭᠴᠠ ᠶᠢᠨ ︽ᠭᠤᠷᠪᠠᠨ ᠱᠠᠲᠤ ᠳᠥᠷᠪᠡᠨ ᠳᠠᠪᠬᠤᠷᠭ᠎ᠠ ᠬᠤᠯᠪᠤᠭᠠᠯᠠᠨ ᠬᠦᠳᠦᠯᠥᠯᠴᠡᠬᠦ︾ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠳᠥᠪᠰᠢᠨ ᠤ ᠬᠢᠨᠠᠯᠲᠠ ᠬᠠᠮᠢᠶᠠᠷᠤᠯᠳᠠ ᠶᠢᠨ ᠲᠤᠤᠷ ᠢ ᠪᠠᠶᠢᠭᠤᠯᠵᠤ᠂ ᠬᠤᠰᠢᠭᠤᠨ ᠤ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠥᠨᠳᠥᠷ | ᠪᠠᠷᠢᠮᠵᠢᠶᠠᠲᠤ ᠦᠢᠯᠡᠳᠪᠦᠷᠢᠯᠡᠯ ᠡᠵᠡᠩᠨᠡᠯᠲᠡ ᠶᠢᠨ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠬᠡᠷᠡᠭᠵᠢᠭᠦᠯᠬᠦ ᠲᠦᠰᠦᠯ ᠢ ᠨᠡᠶᠢᠲᠡᠯᠡᠨ᠂ | ᠡᠵᠡᠩᠨᠡᠯᠲᠡ ᠶᠢᠨ ᠭᠤᠤᠯ ᠴᠤᠭᠴᠠ ᠶᠢᠨ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠮᠡᠷᠭᠡᠵᠢᠯ ᠢ ᠬᠡᠷᠡᠭᠯᠡᠬᠦ ᠶᠢ ᠳᠡᠮᠵᠢᠵᠤ ᠬᠦᠲᠦᠯᠦᠨ ᠵᠢᠯᠥᠭᠤᠳᠴᠦ᠂ ᠭᠠᠵᠠᠷ | ᠰᠢᠷᠤᠢ ᠶᠢᠨ ᠬᠡᠪᠴᠢᠶᠡᠵᠢᠭᠰᠡᠨ ᠡᠵᠡᠩᠨᠡᠯᠲᠡ ᠶᠢ ᠥᠷᠨᠢᠭᠦᠯᠵᠤ᠂ ︽ᠳᠥᠷᠪᠡ ᠶᠢ ᠬᠢᠵᠠᠭᠠᠷᠯᠠᠬᠤ ᠠᠵᠢᠯᠯᠠᠭ᠎ᠠ︾ ᠶᠢ ᠨᠠᠶᠢᠳᠠᠪᠤᠷᠢᠵᠢᠭᠤᠯᠪᠠ᠃ ᠪᠦᠬᠦ ᠬᠤᠰᠢᠭᠤ ᠪᠠᠷ | ᠢᠶᠠᠨ ᠲᠠᠷᠢᠮᠠᠯ ᠤᠨ ᠪᠠᠷᠢᠮᠵᠢᠶᠠᠵᠢᠭᠰᠠᠨ ᠲᠠᠷᠢᠵᠤ ᠤᠷᠭᠤᠭᠤᠯᠬᠤ ᠰᠠᠭᠤᠷᠢᠨ ᠭᠠᠵᠠᠷ ᠢ 142.5 ᠲᠦᠮᠡᠨ ᠮᠤ᠋ ᠪᠠᠶᠢᠭᠤᠯᠵᠤ᠂ ᠡᠵᠡᠩᠨᠡᠯᠲᠡ ᠶᠢᠨ ᠭᠤᠤᠯ ᠴᠤᠭᠴᠠ ᠶᠢ | ᠵᠤᠷᠢᠭᠵᠢᠭᠤᠯᠤᠨ ᠬᠦᠲᠦᠯᠦᠨ ᠵᠢᠯᠥᠭᠤᠳᠴᠦ ᠪᠠᠶᠢᠭᠠᠳ ︽ᠬᠤᠶᠠᠷ ᠪᠦᠲᠦᠭᠡᠭᠳᠡᠭᠦᠨ ᠨᠢᠭᠡ ᠲᠡᠮᠲᠡᠭᠲᠦ ᠨᠢᠭᠡ ᠰᠢᠨ᠎ᠡ︾ ᠲᠠᠷᠢᠶᠠᠯᠠᠩ ᠤᠨ ᠲᠤᠰᠠᠯᠠᠬᠤ | ᠪᠦᠲᠦᠭᠡᠭᠳᠡᠭᠦᠨ ᠤ ᠭᠡᠷᠡᠴᠢᠯᠡᠭᠡ ᠶᠢ ᠨᠡᠮᠡᠭᠳᠡᠭᠦᠯᠵᠤ᠂ ᠪᠦᠬᠦ ᠬᠤᠰᠢᠭᠤᠨ ᠤ 3 ᠲᠤᠰᠬᠤᠨ ᠪᠠᠯᠭᠠᠰᠤ ᠨᠢ ᠤᠯᠤᠰ ᠤᠨ ︽ᠨᠢᠭᠡ ᠲᠤᠰᠬᠤᠨ ᠨᠢᠭᠡ ᠲᠡᠮᠳᠡᠭᠲᠦ︾ ᠶᠢᠨ | ᠳᠠᠭᠤᠷᠢᠶᠠᠯ ᠦᠵᠡᠭᠦᠯᠬᠦ ᠲᠤᠰᠬᠤᠨ ᠪᠠᠯᠭᠠᠰᠤ ᠪᠠᠷ ᠰᠤᠩᠭᠤᠭᠳᠠᠵᠤ᠂ 46 ᠪᠦᠲᠦᠭᠡᠭᠳᠡᠭᠦᠨ ᠨᠢ ︽ᠬᠤᠶᠠᠷ ᠪᠦᠲᠦᠭᠡᠭᠳᠡᠬᠦᠨ ᠨᠢᠭᠡ ᠲᠡᠮᠲᠡᠭᠲᠦ ᠨᠢᠭᠡ ᠰᠢᠨ᠎ᠡ︾ | ᠪᠦᠲᠦᠭᠡᠭᠳᠡᠬᠦᠨ ᠤ ᠭᠡᠷᠡᠴᠢᠯᠡᠯ ᠢ ᠥᠩᠭᠡᠷᠡᠭᠡᠵᠤ᠂ ︽ᠬᠠᠲᠤᠨ ᠭᠤᠤᠯ ᠤᠨ ᠲᠤᠬᠤᠢ︾ ᠶᠢᠨ ᠲᠠᠷᠢᠶᠠᠯᠠᠩ ᠤᠨ ᠪᠦᠲᠦᠭᠡᠭᠳᠡᠭᠦᠨ ᠤ ᠤᠷᠤᠨ ᠪᠦᠰᠡ ᠶᠢᠨ ᠨᠡᠶᠢᠳᠡ | ᠶᠢᠨ ᠬᠡᠷᠡᠭᠯᠡᠭᠡᠨ ᠤ ᠨᠡᠷᠡᠲᠦ ᠲᠡᠮᠲᠡᠭᠲᠦ ᠪᠠᠷ ᠳᠠᠩᠰᠠᠯᠠᠭᠳᠠᠪᠠ᠃ ᠡᠭᠦᠨ ᠤ ᠬᠠᠮᠲᠤ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ᠂ ᠲᠡᠵᠢᠭᠡᠨ | ᠦᠷᠡᠵᠢᠭᠦᠯᠬᠦ ᠲᠠᠯᠠᠪᠠᠢ᠂ ᠳᠠᠭᠠᠳᠬᠠᠯ ᠤᠨ ᠺᠤᠮᠫᠠᠨᠢ ᠵᠢᠴᠢ ᠬᠥᠨᠥᠭᠡᠯ ᠦᠭᠡᠢ ᠪᠤᠯᠭᠠᠨ ᠰᠢᠢᠳᠪᠦᠷᠢᠯᠡᠬᠦ ᠠᠵᠤ ᠠᠬᠤᠶᠢᠯᠠᠯ ᠢᠶᠠᠷ ᠪᠦᠷᠢᠯᠳᠦᠭᠰᠡᠨ ︽ᠳᠥᠷᠪᠡᠨ ᠲᠠᠯ᠎ᠠ | ᠪᠠᠷ ᠢᠶᠠᠨ ᠬᠠᠮᠲᠤᠷᠠᠨ ᠬᠥᠲᠦᠯᠥᠯᠴᠡᠬᠦ︾ ᠳᠠᠪᠴᠠᠩ ᠢ ᠪᠠᠶᠢᠭᠤᠯᠵᠤ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠭᠤᠶᠤᠴᠢᠯᠠᠨ ᠮᠡᠳᠡᠬᠦᠯᠬᠦ᠂ ᠬᠥᠨᠥᠭᠡᠯ ᠦᠭᠡᠢ | ᠪᠤᠯᠭᠠᠨ ᠰᠢᠢᠳᠪᠦᠷᠢᠯᠡᠬᠦ᠂ ᠳᠠᠭᠠᠳᠬᠠᠯ ᠤᠨ ᠲᠥᠯᠥᠪᠦᠷᠢ ᠥᠭᠬᠦ᠂ ᠰᠠᠯᠠᠭ᠎ᠠ ᠮᠦᠴᠢᠷ ᠤᠨ ᠬᠢᠨᠠᠯᠲᠠ ᠬᠠᠮᠢᠶᠠᠷᠤᠯᠳᠠ ᠶᠢ ᠲᠤᠬᠢᠲᠠᠢ ᠵᠤᠯᠭᠠᠭᠤᠯᠬᠤ ᠶᠢ ᠪᠡᠶᠡᠯᠡᠭᠦᠯᠪᠡ᠃ |