ᠳᠠᠯᠠᠳ ᠬᠤᠰᠢᠭᠤ ︽ᠤᠯᠤᠰ ᠤᠨ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠳᠥᠪᠰᠢᠨ ᠤ ᠰᠢᠶᠠᠨ︾ ᠢᠶᠠᠷ ᠰᠤᠩᠭᠤᠭᠳᠠᠵᠠᠢ
ᠨᠡᠶᠢᠲᠡᠯᠡᠭᠰᠡᠨ ᠴᠠᠭ᠄
2023/11/6
    ᠤᠶᠢᠷ᠎ᠠ ᠶᠢᠨ ᠡᠳᠦᠷ᠂ ᠬᠥᠳᠡᠭᠡ ᠠᠵᠤ ᠠᠬᠤᠢ ᠬᠥᠳᠡᠭᠡ ᠲᠤᠰᠬᠤᠨ ᠤ ᠶᠠᠮᠤᠨ ᠰᠧᠴᠤᠸᠠᠨ ᠮᠤᠵᠢ ᠶᠢᠨ ᠴᠧᠩᠳᠦ᠋ ᠬᠤᠲᠠ ᠳᠤ ᠭᠤᠷᠪᠠᠳᠤᠭᠠᠷ ᠪᠦᠯᠦᠭ ᠤᠨ ᠤᠯᠤᠰ ᠤᠨ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠳᠥᠪᠰᠢᠨ ᠤ ᠰᠢᠶᠠᠨ ᠳᠤ ᠫᠠᠶᠢᠰᠠ ᠤᠯᠭᠤᠪᠠ᠂ ᠳᠠᠯᠠᠳ ᠬᠤᠰᠢᠭᠤ ︽ᠤᠯᠤᠰ ᠤᠨ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠳᠥᠪᠰᠢᠨ ᠤ ᠰᠢᠶᠠᠨ︾ ᠢ ᠠᠮᠵᠢᠯᠲᠠ ᠲᠠᠢ ᠡᠭᠦᠲᠦᠨ ᠪᠠᠶᠢᠭᠤᠯᠤᠭᠰᠠᠨ ᠢ ᠬᠠᠷᠠᠭᠤᠯᠵᠤ᠂ ᠲᠤᠰ ᠬᠤᠰᠢᠭᠤ ᠪᠠᠰᠠ ᠨᠢᠭᠡᠨ ᠪᠤᠬᠢᠷᠳᠤᠯ ᠦᠭᠡᠢ ᠨᠡᠷ᠎ᠡ ᠶᠢᠨ ᠬᠠᠭᠤᠳᠠᠰᠤ ᠲᠠᠢ ᠪᠤᠯᠤᠭᠰᠠᠨ ᠪᠠᠶᠢᠨ᠎ᠠ᠃    ᠤᠶᠢᠷ᠎ᠠ ᠶᠢᠨ ᠵᠢᠯ ᠤᠳ ᠠᠴᠠ᠂ ᠳᠠᠯᠠᠳ ᠬᠤᠰᠢᠭᠤ ︽ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ ᠪᠤᠬᠢᠷᠳᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ᠂ ᠲᠥᠷᠥᠯ ᠲᠡᠮᠳᠡᠭᠲᠦ ᠪᠠᠷ ᠲᠠᠷᠢᠶᠠᠯᠠᠩ ᠢ ᠬᠦᠴᠦᠷᠭᠡᠭᠵᠢᠭᠦᠯᠬᠦ︾ ᠪᠠᠷ ᠬᠠᠷᠠᠯᠳᠠ ᠪᠤᠯᠭᠠᠵᠤ᠂ ᠤᠯᠤᠰ ᠤᠨ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠳᠥᠪᠰᠢᠨ ᠤ ᠰᠢᠶᠠᠨ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠵᠤ᠂ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠳᠥᠪᠰᠢᠨ ᠤ ᠬᠢᠨᠠᠨ ᠬᠠᠮᠢᠶᠠᠷᠤᠯᠳᠠ ᠶᠢᠨ ᠰᠡᠷᠭᠡᠶᠢᠯᠡᠯᠲᠡ ᠶᠢᠨ ᠱᠤᠭᠤᠮ ᠢ ᠳᠠᠰᠤᠷᠠᠯᠲᠠ ᠦᠭᠡᠢ ᠪᠠᠬᠢᠵᠢᠭᠦᠯᠵᠡᠢ᠃ ︽ᠨᠦᠩ ᠠᠨ ᠥᠪᠥᠷ ᠮᠤᠩᠭᠤᠯ︾ ᠲᠤᠮᠤ ᠳ᠋ᠠᠶᠢᠲ᠋ᠠ ᠶᠢᠨ ᠤᠶᠤᠨᠴᠢ ᠬᠢᠨᠠᠯᠲᠠ ᠬᠠᠮᠢᠶᠠᠷᠤᠯᠳᠠ ᠪᠠ ᠦᠢᠯᠡᠴᠢᠯᠡᠭᠡᠨ ᠤ ᠳᠠᠪᠴᠠᠩ ᠢ ᠪᠦᠬᠦ ᠲᠠᠯ᠎ᠠ ᠪᠠᠷ ᠡᠬᠢᠯᠡᠨ ᠬᠡᠷᠡᠭᠯᠡᠵᠤ᠂ ᠬᠤᠰᠢᠭᠤ ᠪᠠᠯᠭᠠᠰᠤ ᠲᠤᠰᠬᠤᠨ ᠪᠠ ᠡᠵᠡᠩᠨᠡᠯᠲᠡ ᠶᠢᠨ ᠭᠤᠤᠯ ᠴᠤᠭᠴᠠ ᠶᠢᠨ ︽ᠭᠤᠷᠪᠠᠨ ᠱᠠᠲᠤ ᠳᠥᠷᠪᠡᠨ ᠳᠠᠪᠬᠤᠷᠭ᠎ᠠ ᠬᠤᠯᠪᠤᠭᠠᠯᠠᠨ ᠬᠦᠳᠦᠯᠥᠯᠴᠡᠬᠦ︾ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠳᠥᠪᠰᠢᠨ ᠤ ᠬᠢᠨᠠᠯᠲᠠ ᠬᠠᠮᠢᠶᠠᠷᠤᠯᠳᠠ ᠶᠢᠨ ᠲᠤᠤᠷ ᠢ ᠪᠠᠶᠢᠭᠤᠯᠵᠤ᠂ ᠬᠤᠰᠢᠭᠤᠨ ᠤ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠥᠨᠳᠥᠷ ᠪᠠᠷᠢᠮᠵᠢᠶᠠᠲᠤ ᠦᠢᠯᠡᠳᠪᠦᠷᠢᠯᠡᠯ ᠡᠵᠡᠩᠨᠡᠯᠲᠡ ᠶᠢᠨ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠬᠡᠷᠡᠭᠵᠢᠭᠦᠯᠬᠦ ᠲᠦᠰᠦᠯ ᠢ ᠨᠡᠶᠢᠲᠡᠯᠡᠨ᠂ ᠡᠵᠡᠩᠨᠡᠯᠲᠡ ᠶᠢᠨ ᠭᠤᠤᠯ ᠴᠤᠭᠴᠠ ᠶᠢᠨ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠮᠡᠷᠭᠡᠵᠢᠯ ᠢ ᠬᠡᠷᠡᠭᠯᠡᠬᠦ ᠶᠢ ᠳᠡᠮᠵᠢᠵᠤ ᠬᠦᠲᠦᠯᠦᠨ ᠵᠢᠯᠥᠭᠤᠳᠴᠦ᠂ ᠭᠠᠵᠠᠷ ᠰᠢᠷᠤᠢ ᠶᠢᠨ ᠬᠡᠪᠴᠢᠶᠡᠵᠢᠭᠰᠡᠨ ᠡᠵᠡᠩᠨᠡᠯᠲᠡ ᠶᠢ ᠥᠷᠨᠢᠭᠦᠯᠵᠤ᠂ ︽ᠳᠥᠷᠪᠡ ᠶᠢ ᠬᠢᠵᠠᠭᠠᠷᠯᠠᠬᠤ ᠠᠵᠢᠯᠯᠠᠭ᠎ᠠ︾ ᠶᠢ ᠨᠠᠶᠢᠳᠠᠪᠤᠷᠢᠵᠢᠭᠤᠯᠪᠠ᠃ ᠪᠦᠬᠦ ᠬᠤᠰᠢᠭᠤ ᠪᠠᠷ  ᠢᠶᠠᠨ ᠲᠠᠷᠢᠮᠠᠯ ᠤᠨ ᠪᠠᠷᠢᠮᠵᠢᠶᠠᠵᠢᠭᠰᠠᠨ ᠲᠠᠷᠢᠵᠤ ᠤᠷᠭᠤᠭᠤᠯᠬᠤ ᠰᠠᠭᠤᠷᠢᠨ ᠭᠠᠵᠠᠷ ᠢ 142.5 ᠲᠦᠮᠡᠨ ᠮᠤ᠋ ᠪᠠᠶᠢᠭᠤᠯᠵᠤ᠂ ᠡᠵᠡᠩᠨᠡᠯᠲᠡ ᠶᠢᠨ ᠭᠤᠤᠯ ᠴᠤᠭᠴᠠ ᠶᠢ ᠵᠤᠷᠢᠭᠵᠢᠭᠤᠯᠤᠨ ᠬᠦᠲᠦᠯᠦᠨ ᠵᠢᠯᠥᠭᠤᠳᠴᠦ ᠪᠠᠶᠢᠭᠠᠳ ︽ᠬᠤᠶᠠᠷ ᠪᠦᠲᠦᠭᠡᠭᠳᠡᠭᠦᠨ ᠨᠢᠭᠡ ᠲᠡᠮᠲᠡᠭᠲᠦ ᠨᠢᠭᠡ ᠰᠢᠨ᠎ᠡ︾ ᠲᠠᠷᠢᠶᠠᠯᠠᠩ ᠤᠨ ᠲᠤᠰᠠᠯᠠᠬᠤ ᠪᠦᠲᠦᠭᠡᠭᠳᠡᠭᠦᠨ ᠤ ᠭᠡᠷᠡᠴᠢᠯᠡᠭᠡ ᠶᠢ ᠨᠡᠮᠡᠭᠳᠡᠭᠦᠯᠵᠤ᠂ ᠪᠦᠬᠦ ᠬᠤᠰᠢᠭᠤᠨ ᠤ 3 ᠲᠤᠰᠬᠤᠨ ᠪᠠᠯᠭᠠᠰᠤ ᠨᠢ ᠤᠯᠤᠰ ᠤᠨ ︽ᠨᠢᠭᠡ ᠲᠤᠰᠬᠤᠨ ᠨᠢᠭᠡ ᠲᠡᠮᠳᠡᠭᠲᠦ︾ ᠶᠢᠨ ᠳᠠᠭᠤᠷᠢᠶᠠᠯ ᠦᠵᠡᠭᠦᠯᠬᠦ ᠲᠤᠰᠬᠤᠨ ᠪᠠᠯᠭᠠᠰᠤ ᠪᠠᠷ ᠰᠤᠩᠭᠤᠭᠳᠠᠵᠤ᠂ 46 ᠪᠦᠲᠦᠭᠡᠭᠳᠡᠭᠦᠨ ᠨᠢ ︽ᠬᠤᠶᠠᠷ ᠪᠦᠲᠦᠭᠡᠭᠳᠡᠬᠦᠨ ᠨᠢᠭᠡ ᠲᠡᠮᠲᠡᠭᠲᠦ ᠨᠢᠭᠡ ᠰᠢᠨ᠎ᠡ︾ ᠪᠦᠲᠦᠭᠡᠭᠳᠡᠬᠦᠨ ᠤ ᠭᠡᠷᠡᠴᠢᠯᠡᠯ ᠢ ᠥᠩᠭᠡᠷᠡᠭᠡᠵᠤ᠂ ︽ᠬᠠᠲᠤᠨ ᠭᠤᠤᠯ ᠤᠨ ᠲᠤᠬᠤᠢ︾ ᠶᠢᠨ ᠲᠠᠷᠢᠶᠠᠯᠠᠩ ᠤᠨ ᠪᠦᠲᠦᠭᠡᠭᠳᠡᠭᠦᠨ ᠤ ᠤᠷᠤᠨ ᠪᠦᠰᠡ ᠶᠢᠨ ᠨᠡᠶᠢᠳᠡ  ᠶᠢᠨ ᠬᠡᠷᠡᠭᠯᠡᠭᠡᠨ ᠤ ᠨᠡᠷᠡᠲᠦ ᠲᠡᠮᠲᠡᠭᠲᠦ ᠪᠠᠷ ᠳᠠᠩᠰᠠᠯᠠᠭᠳᠠᠪᠠ᠃ ᠡᠭᠦᠨ ᠤ ᠬᠠᠮᠲᠤ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ᠂ ᠲᠡᠵᠢᠭᠡᠨ ᠦᠷᠡᠵᠢᠭᠦᠯᠬᠦ ᠲᠠᠯᠠᠪᠠᠢ᠂ ᠳᠠᠭᠠᠳᠬᠠᠯ ᠤᠨ ᠺᠤᠮᠫᠠᠨᠢ ᠵᠢᠴᠢ ᠬᠥᠨᠥᠭᠡᠯ ᠦᠭᠡᠢ ᠪᠤᠯᠭᠠᠨ ᠰᠢᠢᠳᠪᠦᠷᠢᠯᠡᠬᠦ ᠠᠵᠤ ᠠᠬᠤᠶᠢᠯᠠᠯ ᠢᠶᠠᠷ ᠪᠦᠷᠢᠯᠳᠦᠭᠰᠡᠨ ︽ᠳᠥᠷᠪᠡᠨ ᠲᠠᠯ᠎ᠠ  ᠪᠠᠷ ᠢᠶᠠᠨ ᠬᠠᠮᠲᠤᠷᠠᠨ ᠬᠥᠲᠦᠯᠥᠯᠴᠡᠬᠦ︾ ᠳᠠᠪᠴᠠᠩ ᠢ ᠪᠠᠶᠢᠭᠤᠯᠵᠤ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠭᠤᠶᠤᠴᠢᠯᠠᠨ ᠮᠡᠳᠡᠬᠦᠯᠬᠦ᠂ ᠬᠥᠨᠥᠭᠡᠯ ᠦᠭᠡᠢ ᠪᠤᠯᠭᠠᠨ ᠰᠢᠢᠳᠪᠦᠷᠢᠯᠡᠬᠦ᠂ ᠳᠠᠭᠠᠳᠬᠠᠯ ᠤᠨ ᠲᠥᠯᠥᠪᠦᠷᠢ ᠥᠭᠬᠦ᠂ ᠰᠠᠯᠠᠭ᠎ᠠ ᠮᠦᠴᠢᠷ ᠤᠨ ᠬᠢᠨᠠᠯᠲᠠ ᠬᠠᠮᠢᠶᠠᠷᠤᠯᠳᠠ ᠶᠢ ᠲᠤᠬᠢᠲᠠᠢ ᠵᠤᠯᠭᠠᠭᠤᠯᠬᠤ ᠶᠢ ᠪᠡᠶᠡᠯᠡᠭᠦᠯᠪᠡ᠃
ᠢᠷᠡᠯᠲᠡ᠄ ᠣᠷᠳᠣᠰ ᠤᠨ ᠡᠳᠦᠷ ᠤᠨ ᠰᠤᠨᠢᠨ