ᠬᠠᠨᠭ᠍ᠬᠢᠨ ᠬᠤᠰᠢᠭᠤᠨ ᠤ ᠬᠤᠳᠠ ᠪᠠᠯᠭᠠᠰᠤ ᠶᠢᠨ ᠲᠦᠷᠦᠯ ᠲᠡᠮᠳᠡᠭᠳᠤ ᠶᠢᠨ ᠲᠦᠷᠢ ᠲᠦᠷᠬᠦ ᠶᠢ ᠨᠡᠶᠢᠳᠡᠯᠡᠬᠦ ᠬᠤᠷᠠᠯ ᠵᠢᠴᠢ ᠲᠤᠮᠳᠠᠳᠤ ᠤᠯᠤᠰ ᠤᠨ 24 ᠎ ᠳᠠᠬᠢ ᠰᠤᠷᠪᠤᠯᠵᠢᠯᠠᠬᠴᠢ ᠶᠢᠨ ᠪᠠᠶᠠᠷ ᠢ ᠪᠡᠯᠭᠡᠯᠡᠬᠦ ᠭᠤᠤᠯ ᠰᠡᠳᠤᠪᠳᠤ ᠠᠵᠢᠯᠯᠠᠭ᠎ᠠ ᠶᠠᠪᠤᠬᠳᠠᠯ᠎ᠠ
ᠨᠡᠶᠢᠲᠡᠯᠡᠭᠰᠡᠨ ᠴᠠᠭ᠄
2023/11/9
    11 ᠰᠠᠷ᠎ᠠ ᠶᠢᠨ 7᠎ ᠤ ᠡᠳᠤᠷ᠂  ᠬᠠᠨᠭ᠍ᠬᠢᠨ ᠬᠤᠰᠢᠭᠤᠨ ᠤ ᠬᠤᠳᠠ ᠪᠠᠯᠭᠠᠰᠤ ᠶᠢᠨ ᠲᠦᠷᠦᠯ ᠲᠡᠮᠳᠡᠭᠳᠤ ᠶᠢᠨ ᠲᠦᠷᠢ ᠲᠦᠷᠬᠦ ᠶᠢ ᠨᠡᠶᠢᠳᠡᠯᠡᠬᠦ ᠬᠤᠷᠠᠯ ᠵᠢᠴᠢ ᠲᠤᠮᠳᠠᠳᠤ ᠤᠯᠤᠰ ᠤᠨ 24᠎ ᠳᠠᠬᠢ ᠰᠤᠷᠪᠤᠯᠵᠢᠯᠠᠬᠴᠢ ᠶᠢᠨ ᠪᠠᠶᠠᠷ ᠢ ᠪᠡᠯᠭᠡᠯᠡᠬᠦ ᠭᠤᠤᠯ ᠰᠡᠳᠤᠪᠳᠤ ᠠᠵᠢᠯᠯᠠᠭ᠎ᠠ ᠬᠠᠨᠭ᠍ᠬᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠲᠤ ᠶᠠᠪᠤᠬᠳᠠᠪᠠ᠃    ᠠᠵᠢᠯᠯᠠᠭ᠎ᠠ ᠲᠡᠭᠡᠷ᠎ᠡ᠂  ︽  ᠠᠷᠠᠳ ᠤᠨ ᠡᠳᠤᠷ ᠤᠨ ᠰᠤᠨᠢᠨ ︾᠎ ᠤ ᠦᠪᠤᠷ ᠮᠤᠩᠭᠤᠯ ᠳᠠᠬᠢ ᠬᠤᠪᠢᠶᠠᠷᠢ ᠬᠤᠷᠢᠶ᠎ᠠ᠂  ︽  ᠰᠢᠨᠬᠤᠸ᠋ᠨ ᠬᠤᠷᠢᠶ᠎ᠠ ︾᠎ ᠶᠢᠨ ᠦᠪᠤᠷ ᠮᠤᠩᠭᠤᠯ ᠳᠠᠬᠢ ᠬᠤᠪᠢᠶᠠᠷᠢ ᠬᠤᠷᠢᠶ᠎ᠠ ᠵᠡᠷᠭᠡ ᠡᠯ᠎ᠡ ᠱᠠᠳᠤᠨ ᠤ ᠵᠠᠭᠤᠴᠢᠯᠠᠭᠤᠷ ᠤᠨ ᠬᠢᠨ ᠬᠦᠷᠦᠯᠴᠡᠨ ᠢᠷᠡᠵᠤ᠂  ᠬᠠᠨᠭ᠍ᠬᠢᠨ ᠬᠤᠰᠢᠭᠤᠨ ᠤ ᠭᠦᠨ ᠵᠤᠵᠠᠭᠠᠨ ᠲᠡᠤᠭᠡ ᠰᠤᠶᠤᠯ᠂  ᠪᠠᠶᠢᠭᠠᠯᠢ ᠶᠢᠨ ᠦᠵᠡᠮᠵᠢ᠂  ᠠᠷᠠᠳ ᠤᠨ ᠵᠠᠩ ᠢᠷᠭᠡᠨᠰᠢᠯ᠂  ᠡᠬᠢ ᠪᠠᠶᠠᠯᠢᠭ ᠵᠠᠷᠭᠡ ᠶᠢ ᠬᠠᠷᠠᠭᠤᠯᠤᠬᠰᠡᠨ  ︽  ᠬᠠᠨᠭ᠍ᠬᠢᠨ ᠬᠤᠰᠢᠭᠤᠨ ᠤ ᠬᠤᠳᠠ ᠪᠠᠯᠭᠠᠰᠤ ᠶᠢᠨ ᠲᠦᠷᠦᠯ ᠲᠡᠮᠳᠡᠭᠳᠤ ᠶᠢᠨ ᠲᠦᠷᠢ ᠲᠦᠷᠬᠦ ︾ ᠪᠤᠯᠤᠨ  ︽  ᠬᠠᠨᠭ᠍ᠬᠢᠨ ᠰᠤᠨᠢᠨ ᠮᠡᠳᠡᠭᠡ ︾᠎ ᠶᠢᠨ ᠲᠦᠷᠦᠯ ᠲᠡᠮᠳᠡᠭᠳᠤ ᠶᠢᠨ ᠨᠡᠶᠢᠳᠡᠯᠡᠯ ᠢ ᠭᠡᠷᠡᠴᠢᠯᠡᠬᠦ ᠶᠢᠨ ᠬᠠᠮᠳᠤ ᠵᠠᠭᠤᠴᠢᠯᠠᠭᠤᠷ ᠤᠨ ᠰᠤᠳᠤᠯᠭᠠᠨ ᠤ ᠰᠠᠭᠤᠷᠢᠨ᠂  ᠠᠵᠢᠯᠯᠠᠬᠤ ᠲᠠᠰᠤᠭ ᠤᠨ ᠫᠠᠶᠢᠰᠨ ᠡᠯᠭᠦᠭᠰᠡᠨ ᠪᠠᠶᠢᠨ᠎ᠠ᠃
1.png
    ᠬᠠᠨᠭ᠍ᠬᠢᠨ ᠬᠤᠰᠢᠭᠤᠨ ᠤ ᠬᠤᠳᠠ ᠪᠠᠯᠭᠠᠰᠤ ᠶᠢᠨ ᠲᠦᠷᠦᠯ ᠲᠡᠮᠳᠡᠭᠳᠤ ᠶᠢᠨ ᠲᠦᠷᠢ ᠲᠦᠷᠬᠦ ᠳᠤ ᠬᠤᠳᠠ ᠪᠠᠯᠭᠠᠰᠤ ᠶᠢᠨ ᠤᠷᠢᠶ᠎ᠠ᠂  ᠵᠢᠷᠤᠬᠯᠠᠯ᠂  ᠲᠦᠷᠦᠯ ᠲᠡᠮᠳᠡᠭᠳᠤ᠂  ᠲᠦᠷᠢ ᠲᠦᠷᠬᠦ ᠶᠢ ᠢᠯᠭᠠᠨ ᠲᠠᠨᠢᠬᠤ ᠰᠢᠰᠲ᠋ᠧᠮ᠂  ᠬᠤᠳᠠ ᠪᠠᠯᠭᠠᠰᠤ ᠶᠢᠨ IP ᠲᠦᠷᠢ ᠲᠦᠷᠬᠦ ᠵᠡᠷᠭᠡ ᠠᠭᠤᠯᠭ᠎ᠠ ᠶᠢ ᠪᠠᠭᠳᠠᠭᠠᠵᠤ᠂  ᠬᠠᠨᠭ᠍ᠬᠢᠨ ᠬᠤᠰᠢᠭᠤᠨ ᠤ ᠲᠦᠷᠢ ᠲᠦᠷᠬᠦ ᠶᠢ ᠱᠤᠭᠤᠬᠤ ᠠᠵᠢᠯ ᠰᠢᠨ᠎ᠡ ᠱᠠᠳᠤᠨ ᠳᠤ ᠤᠷᠤᠬᠰᠡᠨ ᠢ ᠬᠠᠷᠠᠭᠤᠯᠵᠤ ᠪᠠᠶᠢᠨ᠎ᠠ᠃
2.png
3.png
    ᠠᠵᠢᠯᠯᠠᠭ᠎ᠠ ᠳᠤ 2023 ᠤᠨ ᠤ ᠬᠠᠨᠭ᠍ᠬᠢᠨ ᠬᠤᠰᠢᠭᠤᠨ ᠤ ᠠᠷᠪᠡᠨ ᠰᠢᠯᠢᠳᠡᠭ ᠰᠤᠨᠢᠨ ᠮᠡᠳᠡᠭᠡᠨ ᠤ ᠠᠵᠢᠯᠳᠡᠨ ᠪᠤᠯᠤᠨ ᠠᠷᠪᠡᠨ ᠰᠢᠯᠢᠳᠡᠭ ᠰᠤᠨᠢᠨ ᠮᠡᠳᠡᠭᠡᠨ ᠎ ᠤ ᠪᠦᠳᠦᠭᠡᠯ ᠢ ᠱᠠᠩᠨᠠᠨ ᠬᠦᠬᠢᠭᠦᠯᠦᠭᠰᠡᠨ ᠪᠠᠶᠢᠨ᠎ᠠ᠃ 
4.png
5.png
6.png
ᠢᠷᠡᠯᠲᠡ᠄ ᠤᠷᠳᠤᠰ ᠮᠣᠩᠭᠤᠯ ᠰᠦᠯᠵᠢᠶ᠎ᠡ