10 ᠰᠠᠷ᠎ᠠ ᠶᠢᠨ 11 ᠋ ᠤ ᠡᠳᠦᠷ ᠠᠴᠠ 13 ᠋ ᠤ ᠡᠳᠦᠷ ᠪᠣᠯᠲᠠᠯ᠎ᠠ᠂ ᠣᠷᠳᠣᠰ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ | ᠳᠠᠷᠤᠭ᠎ᠠ ᠳ᠋ᠦ᠋ ᠬᠤᠢ ᠯᠢᠶᠠᠩ ᠪᠦᠯᠬᠦᠮ ᠳᠠᠭᠠᠭᠤᠯᠤᠨ ᠭᠤᠸᠠᠩᠳᠦ᠋ᠩ ᠮᠤᠵᠢ ᠶᠢᠨ ᠭᠤᠸᠠᠩᠵᠧᠦ ᠬᠤᠳᠠ᠂ ᠱᠧᠨᠵᠧᠨ ᠬᠤᠳᠠ ᠳᠤ ᠬᠦᠷᠴᠦ ᠬᠤᠯᠪᠣᠭᠳᠠᠯ ᠪᠦᠬᠦᠢ | ᠰᠢᠨᠵᠢᠯᠡᠬᠦ ᠤᠬᠠᠭᠠᠨ ᠤ ᠰᠤᠳᠤᠯᠭᠠᠨ ᠤ ᠶᠡᠭᠡ ᠳᠡᠭᠡᠳᠦ ᠰᠤᠷᠭᠠᠭᠤᠯᠢ ᠪᠣᠯᠣᠨ ᠠᠵᠤ ᠠᠬᠤᠶᠢᠯᠠᠯ ᠤᠨ ᠬᠢᠨ ᠲᠠᠢ ᠠᠭᠤᠯᠵᠠᠭᠰᠠᠨ ᠤ ᠬᠠᠮᠲᠤ ᠰᠢᠨ᠎ᠡ ᠶᠢ ᠡᠭᠦᠳᠬᠦ | ᠲᠠᠪᠴᠠᠩ ᠢ ᠪᠠᠶᠢᠭᠤᠯᠬᠤ᠂ ᠴᠢᠳᠠᠪᠤᠷᠢᠲᠠᠨ ᠤ ᠵᠥᠷᠢᠶᠡᠲᠦ ᠭᠠᠵᠠᠷ ᠢ ᠴᠣᠭᠴᠠᠯᠠᠬᠤ ᠵᠡᠷᠭᠡ ᠠᠭᠤᠯᠭ᠎ᠠ ᠶᠢᠨ ᠲᠤᠬᠠᠢ ᠶᠠᠷᠢᠯᠴᠠᠪᠠ︔ ︽ᠣᠷᠳᠣᠰ ᠤᠨ ᠡᠨᠡ | ᠰᠤᠷᠭᠠᠭᠤᠯᠢ ᠳᠤ ᠪᠠᠭᠰᠢ ᠡᠯᠰᠡᠨ᠎ᠡ᠂ ᠣᠷᠣᠨ ᠰᠠᠭᠤᠴᠠ ᠬᠤᠳᠠᠯᠳᠤᠨ ᠠᠪᠬᠤ ᠨᠥᠬᠦᠪᠦᠷᠢ ᠣᠯᠭᠤᠨ᠎ᠠ︾ ᠣᠶᠢᠷ᠎ᠠ ᠳᠤ᠂ ᠣᠷᠳᠣᠰᠴᠤᠳ ᠤᠨ ᠵᠢᠷᠭᠢᠶ᠎ᠡ ᠶᠢᠨ | ᠨᠠᠶᠢᠵᠠ ᠶᠢᠨ ᠲᠣᠭᠤᠷᠢᠭ ᠤᠨ ᠬᠢᠨ ᠴᠥᠮ ᠡᠨᠡ ᠬᠦ ᠮᠡᠳᠡᠭᠡ ᠵᠠᠩᠭᠢ ᠶᠢ ᠳᠠᠮᠵᠢᠭᠤᠯᠤᠨ ᠲᠠᠷᠬᠠᠭᠠᠵᠤ᠂ ᠨᠥᠬᠦᠪᠦᠷᠢ ᠣᠯᠭᠤᠬᠤ ᠬᠠᠷᠠᠭᠠᠯᠵᠠᠯ ᠨᠢ ᠬᠥᠮᠥᠰ ᠢ | ᠪᠠᠭ᠋ᠠᠷᠠᠭᠤᠯᠤᠨᠠ︔ ᠡᠭᠦᠨ ᠠᠴᠠ ᠡᠮᠦᠨ᠎ᠡ᠂ 9 ᠰᠠᠷ᠎ᠠ ᠶᠢᠨ 25 ᠤ ᠡᠳᠦᠷ ᠠᠴᠠ 28 ᠤ ᠡᠳᠦᠷ ᠪᠣᠯᠲᠠᠯ᠎ᠠ᠂ ᠣᠷᠳᠣᠰ ᠤᠨ ︽ᠬᠠᠶᠢᠷ ᠠ ᠬᠠᠯᠠᠮᠵᠢᠲᠤ ᠬᠤᠲᠠ ᠶᠢᠨ | ᠤᠷᠢᠯᠭ᠎ᠠ — ᠪᠡᠭᠡᠵᠢᠩ ᠥᠷᠲᠡᠭᠡ︾ ᠶᠢᠨ 2023 ᠣᠨ ᠤ ᠨᠠᠮᠤᠷ ᠤᠨ ᠤᠯᠠᠷᠢᠯ ᠤᠨ ᠴᠢᠳᠠᠪᠤᠷᠢᠲᠠᠨ ᠤᠷᠢᠬᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠭᠰᠡᠨ | ᠰᠣᠨᠢᠨ ᠮᠡᠳᠡᠭᠡ ᠬᠥᠮᠥᠰ ᠤᠨ ᠠᠩᠬᠠᠷᠤᠯ ᠢ ᠲᠠᠲᠠᠨ᠎ᠠ᠃ | ᠴᠢᠳᠠᠪᠤᠷᠢᠲᠠᠨ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠮᠥᠨ᠃ ᠣᠶᠢᠷ᠎ᠠ ᠶᠢᠨ ᠵᠢᠯ ᠤᠳ ᠠᠴᠠ᠂ ᠣᠷᠳᠣᠰ ᠬᠤᠳᠠ ᠶᠢᠨ ᠬᠢᠨ ᠦᠵᠡᠯ ᠰᠠᠨᠠᠭ᠎ᠠ ᠪᠠᠨ | ᠶᠡᠬᠡᠪᠡᠷ ᠴᠢᠯᠦᠭᠡᠯᠡᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠬᠤᠳᠠ ᠪᠠᠨ ᠮᠠᠨᠳᠤᠭᠤᠯᠬᠤ᠂ ᠴᠢᠳᠠᠪᠤᠷᠢᠲᠠᠨ ᠢᠶᠠᠷ ᠬᠤᠳᠠ ᠪᠠᠨ ᠬᠦᠴᠦᠷᠬᠡᠭᠵᠢᠭᠦᠯᠬᠦ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠷᠴᠢᠨ ᠠᠬᠤᠢ ᠶᠢ ᠰᠢᠯᠢᠳᠡᠭᠵᠢᠭᠦᠯᠬᠦ᠂ ᠴᠢᠳᠠᠪᠤᠷᠢᠲᠠᠨ ᠤ ᠰᠢᠨ᠎ᠡ ᠲᠦᠷᠦ ᠶᠢᠨ ᠪᠣᠳᠣᠯᠭ᠎ᠠ | ᠵᠡᠷᠭᠡ ᠤᠯᠠᠨ ᠲᠠᠯ᠎ᠠ ᠪᠠᠷ ᠬᠦᠴᠦᠯᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠳᠠᠰᠤᠷᠠᠯᠳᠠ ᠦᠭᠡᠢ ᠬᠥᠭᠵᠢᠭᠡᠵᠦ᠂ ᠬᠥᠭᠵᠢᠯᠲᠡ ᠶᠢᠨ ᠰᠢᠨ᠎ᠡ | ᠳᠠᠪᠠᠭᠤᠯᠢᠭ ᠢ ᠳᠠᠰᠤᠷᠠᠯᠳᠠ ᠦᠭᠡᠢ ᠢᠯᠡᠷᠡᠭᠦᠯᠵᠦ᠂ ᠬᠥᠭᠵᠢᠯᠲᠡ ᠶᠢᠨ ᠴᠢᠳᠠᠪᠤᠷᠢᠲᠠᠨ ᠢ ᠳᠠᠰᠤᠷᠠᠯᠳᠠ ᠦᠭᠡᠢ ᠬᠤᠷᠠᠨ ᠴᠤᠭᠯᠠᠷᠠᠭᠤᠯᠤᠨ᠂ ︽ᠴᠢᠳᠠᠪᠤᠷᠢᠲᠠᠨ ᠤ | ᠥᠨᠳᠦᠷᠯᠢᠭ ᠭᠠᠵᠠᠷ︾ ᠢ ᠪᠠᠶᠢᠭᠤᠯᠤᠨ᠂ ᠴᠢᠳᠠᠪᠤᠷᠢᠲᠠᠨ ᠲᠠᠲᠠᠬᠤ ︽ᠤᠶᠠᠩᠭᠠᠲᠤ ᠮᠣᠳᠣ︾ ᠶᠢ ᠳᠠᠰᠤᠷᠠᠯᠳᠠ ᠦᠭᠡᠢ ︽ᠵᠠᠶᠢᠯᠠᠵᠠᠢ︾᠃ | ᠣᠶᠢᠷ᠎ᠠ ᠳᠤ᠂ ᠰᠤᠷᠪᠤᠯᠵᠢᠯᠠᠭᠴᠢ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠬᠦᠷᠪᠡ᠃ ᠠᠳᠡ᠂ ᠬᠠᠷᠠᠭᠠᠨ | ᠰᠡᠷᠡᠯ ᠤᠨ ᠮᠡᠷᠭᠡᠵᠢᠯ ᠢ ᠰᠤᠳᠤᠯᠤᠨ ᠨᠡᠭᠡᠭᠡᠬᠦ ᠪᠠ ᠬᠡᠷᠡᠭᠯᠡᠬᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠬᠤ ᠵᠡᠷᠭᠡ | ᠰᠢᠨ᠎ᠡ ᠶᠢ ᠡᠭᠦᠳᠬᠦ ᠦᠢᠯᠡᠰ ᠪᠦᠲᠦᠭᠡᠬᠦ ᠬᠡᠯᠪᠡᠷᠢ ᠶᠢᠨ ᠠᠵᠤ ᠠᠬᠤᠶᠢᠯᠠᠯ ᠨᠢᠭᠡᠨᠲᠡ 10 ᠭᠠᠷᠤᠢ ᠨᠤᠲᠤᠭᠰᠢᠵᠤ᠂ ᠠᠵᠢᠯᠲᠠᠳ ᠶᠠᠭ ᠬᠠᠯᠠᠭᠤᠨ ᠳᠤᠯᠠᠭᠠᠨ ᠣᠷᠴᠢᠨ | ᠲᠣᠭᠤᠷᠢᠨ ᠳᠤ ᠰᠠᠨᠠᠭ᠎ᠠ ᠠᠮᠤᠷ ᠠᠵᠢᠯᠯᠠᠵᠤ ᠪᠠᠶᠢᠨ᠋ ᠠ᠃ ᠠᠳᠡ ᠠᠵᠢᠯᠯᠠᠵᠤ ᠪᠠᠶᠢᠭ᠎ᠠ ᠱᠠᠨᠳᠦ᠋ᠩ ᠤᠨ ᠪᠥᠸᠧ ᠶᠤᠸᠠᠨ ᠬᠠᠷᠠᠭᠠᠨ ᠳᠠᠪᠲᠠᠮᠵᠢ ᠮᠡᠳᠡᠭᠡ ᠵᠠᠩᠭᠢ ᠶᠢᠨ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠴᠧᠨ ᠰᠢᠶᠣᠣ ᠬᠤᠢ᠄ ︽ᠣᠷᠳᠣᠰ ᠲᠤ ᠵᠠᠰᠠᠭ ᠤᠨ ᠣᠷᠳᠣᠨ ᠠᠴᠠ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠲᠤᠬᠠᠢ ᠮᠠᠰᠢ ᠤᠯᠠᠨ ᠰᠠᠶᠢᠨ ᠲᠦᠷᠦ ᠶᠢᠨ ᠪᠣᠳᠣᠯᠭ᠎ᠠ ᠰᠠᠶᠢᠨ ᠲᠠᠪᠴᠠᠩ ᠢ ᠬᠠᠩᠭᠠᠵᠤ᠂ ᠮᠢᠨᠤ ᠡᠵᠡᠩᠨᠡᠵᠦ ᠪᠠᠶᠢᠭ᠎ᠠ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠠᠬᠤᠶᠢᠯᠠᠯ ᠳᠤ ᠮᠠᠰᠢ ᠰᠠᠶᠢᠨ ᠣᠷᠴᠢᠨ ᠠᠬᠤᠢ ᠶᠢ ᠡᠭᠦᠳᠴᠦ ᠥᠭᠴᠡᠢ︾ ᠭᠡᠪᠡ᠃ | ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠠᠬᠤᠢ ᠶᠢᠨ ᠲᠤᠬᠠᠢ ᠶᠠᠷᠢᠬᠤ ᠳᠤ᠂ ᠣᠷᠳᠣᠰ ᠬᠤᠲᠠ ᠶᠢᠨ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠪ ᠤᠨ ᠡᠷᠬᠢᠯᠡᠭᠴᠢ ᠶᠠᠩ ᠰᠧ ᠮᠢᠩ᠄ ︽ᠴᠢᠳᠠᠪᠤᠷᠢᠲᠠᠨ ᠤ ᠠᠵᠢᠯ ᠳᠤ ᠵᠠᠮ ᠨᠡᠭᠡᠭᠡᠵᠦ᠂ ︿ᠨᠢᠭᠡ ᠲᠥᠪ ᠬᠤᠶᠠᠷ | ᠬᠦᠷᠢᠶᠡᠯᠡᠩ ᠨᠠᠢᠮᠠᠨ ᠰᠠᠭᠤᠷᠢᠨ ᠭᠠᠵᠠᠷ﹀ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠰᠢᠰᠲ᠋ᠧᠮ ᠢ ᠪᠠᠶᠢᠭᠤᠯᠬᠤ ᠶᠢᠨ ᠲᠥᠯᠥᠭᠡ᠂ | ᠮᠠᠨ ᠤ ᠬᠤᠲᠠ 7.6 ᠲᠦᠮᠡᠨ ᠲᠡᠭᠰᠢ ᠳᠥᠷᠪᠡᠯᠵᠢᠨ ᠮᠧᠲᠷ ᠤᠨ ᠶᠡᠷᠦᠩᠬᠡᠢ ᠲᠠᠯᠠᠪᠠᠶ ᠲᠠᠢ ᠪᠠᠷᠠᠭᠤᠨ ᠬᠤᠶᠢᠲᠤ ᠣᠷᠣᠨ ᠤ ᠬᠠᠮᠤᠭ ᠤᠨ ᠲᠣᠮᠣ ᠴᠢᠳᠠᠪᠤᠷᠢᠲᠠᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠲᠥᠯᠥᠪᠵᠢᠭᠦᠯᠦᠨ ᠪᠠᠶᠢᠭᠤᠯᠵᠠᠢ︾ ᠭᠡᠪᠡ᠃ ᠣᠳᠣᠬᠠᠨ ᠳᠤ᠂ ᠴᠢᠳᠠᠪᠤᠷᠢᠲᠠᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ 7 ᠠᠺᠠᠳᠧᠮᠢᠴᠢ ᠶᠢᠨ ᠪᠦᠯᠬᠦᠮ ᠪᠣᠯᠣᠨ 16 ᠰᠢᠨ᠎ᠡ ᠶᠢ ᠡᠭᠦᠳᠬᠦ ᠠᠵᠤ ᠠᠬᠤᠶᠢᠯᠠᠯ ᠨᠤᠶᠤᠭᠰᠢᠪᠠ᠃ | ᠬᠤᠲᠠ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠰᠦ᠋ ᠵᠢᠶᠦ᠋ᠨ ᠵᠢᠶᠧ᠄ ︽ᠪᠢᠳᠡ ᠠᠯᠢ ᠴᠢᠳᠠᠬᠤ ᠪᠠᠷ ᠪᠥᠬᠦ | ᠲᠠᠯ᠎ᠠ ᠶᠢᠨ ᠬᠠᠯᠠᠭᠤᠨ ᠦᠢᠯᠡᠴᠢᠯᠡᠭᠡ ᠬᠠᠩᠭᠠᠵᠤ᠂ 451 ᠵᠦᠢᠯ ᠤᠨ ᠦᠢᠯᠡᠴᠢᠯᠡᠭᠡᠨ ᠤ ᠵᠦᠢᠯᠡᠰ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠭᠢᠯᠡᠵᠦ᠂ 33 | ᠵᠦᠢᠯ ᠤᠨ ᠥᠷᠲᠡᠭᠡᠴᠢᠯᠡᠭᠰᠡᠨ ᠮᠠᠶ᠋ᠢᠭ ᠤᠨ ᠦᠢᠯᠡᠴᠢᠯᠡᠭᠡᠨ ᠤ ᠪᠣᠭᠴᠣ ᠶᠢ ᠰᠠᠶᠢᠲᠤᠷ ᠬᠡᠷᠡᠭᠯᠡᠨ᠂ ᠬᠠᠮᠤᠭ ᠤᠨ ᠰᠢᠯᠢᠳᠡᠭ ᠰᠢᠨ᠎ᠡ ᠶᠢ ᠡᠭᠦᠳᠬᠦ ᠡᠬᠢ ᠪᠠᠶᠠᠯᠢᠭ ᠢ ᠪᠥᠬᠦ | ᠲᠠᠯ᠎ᠠ ᠪᠠᠷ ᠡᠮᠬᠢᠯᠡᠨ ᠨᠡᠶᠢᠯᠡᠭᠦᠯᠵᠦ᠂ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠤᠭ ᠤᠨ ᠢᠯᠡᠭᠦᠦ ᠲᠠᠲᠠᠬᠤ ᠬᠦᠴᠦᠨ ᠲᠠᠢ᠂ ᠥᠷᠢᠰᠦᠯᠳᠦᠬᠦ ᠬᠦᠴᠦᠨ ᠲᠠᠢ᠂ | ᠨᠥᠯᠥᠭᠡᠯᠡᠬᠦ ᠬᠦᠴᠦᠨ ᠲᠠᠢ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠭᠠᠵᠠᠷ ᠢ ᠴᠢᠷᠮᠠᠶᠢᠨ ᠴᠣᠭᠴᠠᠯᠠᠨ᠎ᠠ︾ ᠭᠡᠵᠡᠢ᠃ | ᠰᠢᠯᠢᠳᠡᠭ ᠰᠠᠶᠢᠨ ᠲᠠᠪᠴᠠᠩ ᠢ ᠪᠠᠶᠢᠭᠤᠯᠬᠤ ᠪᠠ ᠰᠠᠶᠢᠨ ᠰᠠᠶᠢᠬᠠᠨ ᠣᠷᠴᠢᠨ ᠠᠬᠤᠢ ᠶᠢ ᠡᠭᠦᠳᠬᠦ ᠠᠴᠠ ᠭᠠᠳᠠᠨ᠎ᠠ᠂ ᠣᠷᠳᠣᠰ ᠬᠤᠳᠠ ᠴᠢᠳᠠᠪᠤᠷᠢᠲᠠᠨ ᠰᠢᠨ᠎ᠡ | ᠲᠦᠷᠦ ᠶᠢᠨ ᠪᠣᠳᠣᠯᠭ᠎ᠠ ᠶᠢ ᠢᠳᠡᠪᠬᠢᠲᠡᠢ ᠲᠣᠭᠲᠠᠭᠠᠵᠤ᠂ ᠤᠶᠤᠨ ᠤᠬᠠᠭᠠᠨ ᠤ ᠬᠡᠪ ᠵᠠᠭᠪᠤᠷ ᠢ ᠪᠦᠬᠦ ᠲᠠᠯ᠎ᠠ ᠪᠠᠷ ᠡᠭᠦᠳᠴᠡᠢ᠃ ᠴᠢᠳᠠᠪᠤᠷᠢᠲᠠᠨ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠂ ᠴᠢᠳᠠᠪᠤᠷᠢᠲᠠᠨ ᠤ ᠰᠢᠨ᠎ᠡ | ᠲᠥᠷᠥ ᠶᠢᠨ ᠪᠣᠳᠣᠯᠭ᠎ᠠ ᠶᠢᠨ 30 ᠵᠤᠷᠪᠤᠰ ᠢ ᠨᠡᠶᠢᠲᠡᠯᠡᠵᠦ᠂ 13 ᠵᠦᠢᠯ ᠤᠨ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠪᠠ ᠬᠦᠷᠢᠶ᠎ᠡ ᠴᠠᠷᠠᠭ᠎ᠠ ᠬᠤᠪᠢᠶᠠᠭᠰᠠᠨ | ᠲᠤᠰᠬᠠᠢ ᠵᠦᠢᠯ ᠢᠶᠠᠷ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠨ᠂ ᠣᠷᠣᠭᠤᠯᠤᠯᠲᠠ ᠶᠢ ᠴᠢᠩᠭᠠᠳᠬᠠᠬᠤ᠂ ᠪᠦᠬᠦᠨ ᠢ ᠬᠠᠮᠤᠷᠬᠤ ᠴᠢᠳᠠᠪᠤᠷᠢᠲᠠᠨ ᠤ | ᠲᠥᠷᠥ ᠶᠢᠨ ᠪᠣᠳᠣᠯᠭ᠎ᠠ ᠶᠢᠨ ᠲᠣᠭᠲᠠᠯᠴᠠᠭ᠋ ᠠ ᠶᠢ ᠪᠣᠶ ᠪᠣᠯᠭᠠᠪᠠ᠃ | ︽ᠤᠶᠠᠩᠭᠠᠲᠤ ᠮᠣᠳᠣ ᠵᠠᠶᠢᠯᠠᠵᠤ᠂ ᠭᠠᠷᠤᠳᠢ ᠭᠠᠯᠪᠢᠩᠭ᠋ ᠠ ᠰᠠᠭᠤᠯᠭᠠᠮᠤᠢ︾᠃ ᠰᠢᠯᠢᠳᠡᠭ ᠰᠠᠶᠢᠨ ᠲᠠᠪᠴᠠᠩ ᠢ ᠴᠣᠭᠴᠠᠯᠠᠨ ᠪᠠᠶᠢᠭᠤᠯᠬᠤ ᠪᠠ ᠠᠰᠢᠭᠲᠠᠢ | ᠲᠦᠷᠦ ᠶᠢᠨ ᠪᠣᠳᠣᠯᠭ᠎ᠠ ᠨᠢ ᠬᠠᠶᠢᠷ ᠠ ᠬᠠᠯᠠᠮᠵᠢᠲᠤ ᠬᠤᠳᠠ ᠶᠢᠨ ᠴᠢᠳᠠᠪᠤᠷᠢᠲᠠᠨ ᠢ ᠲᠠᠲᠠᠬᠤ ᠨᠡᠷ᠎ᠡ ᠶᠢᠨ ᠬᠠᠭᠤᠳᠠᠰᠤ ᠪᠣᠯᠵᠤ᠂ ᠨᠡᠩ ᠤᠯᠠᠨ ᠰᠢᠯᠢᠳᠡᠭ | ᠴᠢᠳᠠᠪᠤᠷᠢᠲᠠᠨ ᠢ ᠣᠷᠣᠭᠤᠯᠤᠨ ᠠᠪᠴᠢᠷᠠᠪᠠ᠃ ᠪᠦᠷᠢᠳᠬᠡᠯ ᠢ ᠦᠨᠳᠦᠰᠦᠯᠡᠪᠡᠯ᠂ ᠣᠳᠣᠬᠠᠨ ᠳᠤ ᠮᠠᠨ ᠤ ᠬᠤᠲᠠ ᠳᠤ ᠵᠢᠯ ᠪᠦᠷᠢ ᠡᠯ᠎ᠡ ᠲᠥᠷᠥᠯ ᠤᠨ ᠴᠢᠳᠠᠪᠤᠷᠢᠲᠠᠨ | 2.7 ᠲᠦᠮᠡ᠂ ᠳᠡᠭᠡᠳᠦ ᠲᠠᠰ ᠤᠨ ᠴᠢᠳᠠᠪᠤᠷᠢᠲᠠᠨ 3500 ᠬᠥᠮᠥᠨ ᠰᠢᠨ᠎ᠡ ᠪᠠᠷ ᠨᠡᠮᠡᠭᠳᠡᠵᠦ᠂ ᠴᠢᠳᠠᠪᠤᠷᠢᠲᠠᠨ ᠤ ᠶᠡᠷᠦᠩᠬᠡᠢ ᠬᠡᠮᠵᠢᠶ᠎ᠡ 48.5 ᠲᠦᠮᠡ ᠳᠤ ᠬᠦᠷᠴᠦ | ᠂ ᠳᠡᠭᠡᠳᠦ ᠲᠠᠰ ᠤᠨ ᠴᠢᠳᠠᠪᠤᠷᠢᠲᠠᠨ 5.2 ᠲᠦᠮᠡ ᠳᠤ ᠬᠦᠷᠴᠡᠢ᠃ | ᠢᠷᠡᠭᠡᠳᠦᠢ ᠳᠤ᠂ ᠨᠡᠩ ᠤᠯᠠᠨ ᠴᠢᠳᠠᠪᠤᠷᠢᠲᠠᠨ ᠣᠷᠳᠣᠰ ᠲᠤ ᠴᠤᠭᠯᠠᠷᠠᠵᠤ᠂ ᠰᠠᠶᠢᠨ ᠰᠠᠶᠢᠬᠠᠨ ᠢᠷᠡᠭᠡᠳᠦᠢ ᠶᠢᠨ ᠲᠤᠬᠠᠢ ᠬᠠᠮᠲᠤᠪᠠᠷ ᠲᠡᠮᠡᠴᠡᠨ᠂ ᠬᠠᠶᠢᠷ ᠠ | ᠬᠠᠯᠠᠮᠵᠢᠲᠤ ᠬᠤᠳᠠ ᠶᠢᠨ ᠬᠥᠭᠵᠢᠯᠲᠡ ᠳᠤ ᠤᠯᠠᠮ ᠡᠷᠴᠢᠮᠲᠡᠢ ᠴᠢᠳᠠᠪᠤᠷᠢᠲᠠᠨ ᠤ ᠬᠥᠳᠡᠯᠭᠡᠬᠦ ᠬᠦᠴᠦᠨ ᠬᠠᠩᠭᠠᠵᠤ᠂ ᠣᠷᠳᠣᠰ ᠤᠨ ᠪᠦᠬᠦ ᠣᠷᠣᠨ ᠤ ᠲᠣᠭᠲᠠᠭᠤᠨ ᠤ | ᠲᠤᠯᠭᠠᠭᠤᠷᠢᠯᠠᠭᠴᠢ᠂ ᠠᠬᠢᠯᠲᠠ ᠶᠢᠨ ᠳᠠᠭᠠᠭᠤᠯᠤᠭᠴᠢ ᠪᠣᠯᠬᠤ ᠳᠤ ᠤᠷᠤᠭᠰᠢᠯᠠᠯᠲᠠ ᠶᠢᠨ ᠤᠶᠤᠨ ᠤᠬᠠᠭᠠᠨ ᠪᠠ ᠲᠣᠭᠲᠠᠭᠤᠨ ᠤ ᠬᠦᠴᠦᠨ ᠴᠢᠳᠠᠯ ᠢᠶᠠᠨ ᠡᠷᠭᠦᠨ᠎ᠡ᠃ | | |