ᠤᠶᠢᠷ᠎ᠠ ᠶᠢᠨ ᠡᠳᠦᠷ᠂ ᠪᠦᠬᠦ ᠬᠤᠲᠠ ᠶᠢᠨ ᠲᠠᠪᠤᠳᠤᠭᠠᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠬᠢᠭᠦᠯᠦᠨ ᠰᠠᠶᠢᠰᠢᠶᠠᠬᠤ ᠬᠤᠷᠠᠯ | ᠵᠢᠴᠢ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠠᠭᠤᠷᠢᠶᠡᠯ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠳᠤ ᠤᠷᠤᠯᠴᠠᠭᠰᠠᠨ ᠤ ᠬᠠᠮᠲᠤ ᠶᠠᠷᠢᠶ᠎ᠠ ᠲᠠᠯᠪᠢᠵᠤ᠂ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠬᠤᠷᠠᠯ ᠢ ᠡᠷᠬᠢᠯᠡᠪᠡ᠃ ᠱᠦ᠋ ᠵᠦᠩ ᠱᠧᠩ ᠵᠡᠷᠭᠡ ᠬᠤᠲᠠ ᠶᠢᠨ | ᠤᠳᠤᠷᠢᠳᠤᠯᠭ᠎ᠠ ᠬᠤᠷᠠᠯ ᠳᠤ ᠤᠷᠤᠯᠴᠠᠪᠠ᠃ | | | ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠨᠢᠭᠡᠳᠦᠮᠡᠯ ᠹᠷᠤᠨᠲ ᠤᠨ ᠬᠡᠯᠳᠡᠰ ᠤᠨ ᠳᠠᠷᠤᠭ᠎ᠠ ᠪᠦᠷᠢᠨᠴᠢᠮᠡᠭ ᠪᠦᠬᠦ | ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠪᠤᠯᠤᠨ ᠵᠢᠱᠢᠶᠡᠴᠢ ᠬᠤᠪᠢ ᠬᠦᠮᠦᠨ ᠢ ᠬᠦᠬᠢᠭᠦᠯᠦᠨ ᠰᠠᠶᠢᠰᠢᠶᠠᠬᠤ | ᠲᠤᠬᠠᠢ ᠲᠤᠭᠲᠠᠭᠠᠯ ᠢ ᠤᠩᠰᠢᠨ ᠨᠡᠶᠢᠲᠡᠯᠡᠪᠡ᠃ ᠬᠤᠲᠠ ᠶᠢᠨ ᠤᠳᠤᠷᠢᠳᠤᠯᠭ᠎ᠠ ᠠᠴᠠ ᠬᠦᠬᠢᠭᠦᠯᠦᠭᠳᠡᠨ ᠰᠠᠶᠢᠰᠢᠶᠠᠭᠳᠠᠭᠰᠠᠨ ᠬᠠᠮᠲᠤ ᠤ ᠨᠡᠶᠢᠲᠡ ᠪᠠ ᠬᠤᠪᠢ ᠬᠦᠮᠦᠨ | ᠤ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃ ᠬᠦᠬᠢᠬᠦᠯᠦᠭᠳᠡᠨ ᠰᠠᠶᠢᠰᠢᠶᠠᠭᠳᠠᠭᠰᠠᠨ 4 ᠬᠠᠮᠲᠤ ᠨᠡᠶᠢᠲᠡ᠂ ᠬᠤᠪᠢ ᠬᠦᠮᠦᠨ ᠤ ᠲᠥᠯᠥᠭᠡᠯᠡᠭᠴᠢ ᠰᠠᠨᠠᠯ ᠢᠶᠠᠨ | ᠰᠤᠯᠢᠯᠴᠠᠬᠤ ᠶᠠᠷᠢᠶ᠎ᠠ ᠲᠠᠯᠪᠢᠪᠠ᠃ | | | ᠯᠢ ᠯᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠮᠦᠨ᠎ᠡ ᠠᠴᠠ ᠬᠦᠬᠢᠬᠦᠯᠦᠭᠳᠡᠨ ᠰᠠᠶᠢᠰᠢᠶᠠᠭᠳᠠᠭᠰᠠᠨ ᠵᠢᠱᠢᠶᠡᠴᠢ ᠬᠠᠮᠲᠤ ᠨᠡᠶᠢᠲᠡ ᠪᠤᠯᠤᠨ | ᠬᠤᠪᠢ ᠬᠦᠮᠦᠨ ᠳᠤ ᠪᠠᠶᠠᠷ ᠬᠦᠷᠭᠡᠵᠤ᠂ ᠳᠡᠲᠡᠨ ᠢ ᠢᠷᠠᠭᠤ ᠠᠯᠳᠠᠷ ᠢᠶᠠᠨ ᠨᠠᠨᠳᠢᠩᠨᠠᠨ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠪᠦᠬᠦ ᠬᠤᠲᠠ ᠶᠢᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ ᠳᠤ ᠳᠠᠬᠢᠨ ᠰᠢᠨ᠎ᠡ ᠭᠠᠪᠢᠶ᠎ᠠ ᠪᠠᠶᠢᠭᠤᠯᠤᠭᠠᠷᠠᠢ ᠭᠡᠵᠤ ᠵᠤᠷᠢᠭᠵᠢᠭᠤᠯᠪᠠ᠃ ᠲᠡᠷᠡ᠂ ᠤᠶᠢᠷ᠎ᠠ | ᠶᠢᠨ ᠵᠢᠯ ᠠᠴᠠ ᠨᠠᠭᠠᠰᠢ᠂ ᠮᠠᠨ ᠤ ᠬᠤᠲᠠ ᠦᠨᠳᠦᠰᠦᠲᠡᠨ ᠤ ᠪᠦᠯᠬᠦᠮᠳᠡᠯ ᠢ ᠢᠮᠠᠭᠲᠠ ᠤᠯᠤᠰ ᠲᠥᠷᠥ ᠶᠢᠨ ᠴᠢᠨᠠᠷᠲᠠᠢ᠂ ᠪᠠᠷᠢᠯᠳᠤᠬᠤ ᠪᠤᠳᠤᠯᠭ᠎ᠠ ᠶᠢᠨ ᠴᠢᠨᠠᠷᠲᠠᠢ᠂ | ᠰᠠᠭᠤᠷᠢ ᠴᠢᠨᠠᠷᠲᠠᠢ᠂ ᠠᠯᠤᠰ ᠬᠡᠳᠦ ᠶᠢᠨ ᠴᠢᠨᠠᠷᠲᠠᠢ ᠡᠭᠦᠷᠭᠡ ᠪᠤᠯᠭᠠᠨ ᠠᠳᠬᠤᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ᠂ ᠠᠴᠢ ᠬᠠᠷᠢᠭᠤᠯᠠᠨ ᠡᠷᠡᠯᠬᠡᠭᠯᠡᠨ | ᠤᠷᠤᠭᠰᠢᠯᠠᠭᠰᠠᠨ ᠠᠴᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠯᠤᠰ ᠲᠥᠷᠥ ᠶᠢᠨ ᠰᠠᠭᠤᠷᠢ ᠤᠯᠠᠮ ᠪᠠᠬᠢᠵᠢᠵᠤ᠂ ᠦᠵᠡᠯ ᠰᠠᠨᠠᠭᠠᠨ ᠤ ᠰᠠᠭᠤᠷᠢ ᠤᠯᠠᠮ | ᠪᠠᠬᠢᠵᠢᠵᠤ᠂ ᠪᠤᠳᠠᠰ ᠤᠨ ᠰᠠᠭᠤᠷᠢ ᠤᠯᠠᠮ ᠪᠠᠬᠢᠵᠢᠵᠤ᠂ ᠨᠡᠶᠢᠬᠡᠮ ᠤᠨ ᠰᠠᠭᠤᠷᠢ ᠤᠯᠠᠮ ᠪᠠᠬᠢᠵᠢᠭ᠍ᠰᠡᠨ ᠪᠠᠶᠢᠨ᠎ᠠ ᠭᠡᠪᠡ᠃ | | | ᠯᠢ ᠯᠢ᠂ ᠵᠢᠱᠢᠶᠡᠴᠢ ᠥᠪᠡᠷᠲᠡᠭᠡᠨ ᠵᠠᠰᠠᠬᠤ ᠤᠷᠤᠨ ᠤ ᠡᠷᠬᠢᠮ ᠳᠡᠭᠡᠳᠦ ᠢᠷᠠᠭᠤ ᠠᠯᠳᠠᠷ ᠢ ᠬᠠᠶᠢᠷᠠᠯᠠᠨ ᠬᠠᠮᠠᠭᠠᠯᠠᠵᠤ᠂ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠳᠠᠭᠤᠷᠢᠶᠠᠯ ᠦᠵᠡᠭᠦᠯᠬᠦ ᠬᠤᠲᠠ ᠶᠢ ᠡᠭᠦᠳᠦᠨ ᠪᠠᠶᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠨᠳᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠡᠷᠭᠡᠪᠡᠰᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠡᠨᠡ ᠬᠦ ᠭᠤᠤᠯ ᠰᠢᠵᠢᠮ ᠢ ᠦᠨᠳᠦᠰᠦᠲᠡᠨ ᠤ ᠭᠠᠵᠠᠷ ᠤᠷᠤᠨ ᠤ ᠡᠯ᠎ᠡ ᠲᠥᠷᠥᠯ ᠤᠨ ᠠᠵᠢᠯ ᠳᠤ | ᠲᠤᠭᠤᠰᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠤᠨ ᠪᠤᠳᠠᠳᠤ ᠦᠷ᠎ᠡ ᠪᠦᠲᠦᠮᠵᠢ | ᠪᠠᠷ ︽ᠬᠤᠶᠠᠷ ᠢ ᠲᠤᠭᠲᠠᠭᠠᠭᠰᠠᠨ︾ ᠢ ᠬᠦᠷᠢᠶᠡᠯᠡᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ︽ᠳᠤᠯᠤᠭᠠᠨ ᠲᠠᠯ᠎ᠠ ᠪᠠᠷ ᠵᠢᠱᠢᠶᠡᠴᠢ ᠪᠤᠯᠬᠤ︾ | ᠶᠢᠨ ᠴᠢᠬᠤᠯᠠ ᠱᠠᠭᠠᠷᠳᠠᠯᠭ᠎ᠠ ᠶᠢ ᠪᠠᠲᠤ ᠡᠵᠡᠮᠰᠢᠵᠤ᠂ ᠦᠨᠳᠦᠰᠦᠲᠡᠨ ᠤ ᠠᠵᠢᠯ ᠤᠨ ᠵᠦᠪ ᠴᠢᠭᠯᠡᠯ ᠢ ᠪᠠᠷᠢᠮᠲᠠᠯᠠᠨ᠂ ᠦᠨᠳᠦᠰᠦᠲᠡᠨ ᠨᠦᠭᠦᠳ ᠤᠨ ᠬᠠᠮᠲᠤ ᠶᠢᠨ | ᠤᠶᠤᠨ ᠰᠠᠨᠠᠭᠠᠨ ᠤ ᠭᠡᠷ ᠤᠷᠤᠨ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠤᠳᠤᠬᠢᠴᠢᠯᠠᠯᠲᠠ ᠲᠡᠶᠢᠰᠢ ᠤᠷᠤᠭᠰᠢᠯᠠᠬᠤ ᠶᠢ ᠠᠬᠢᠭᠤᠯᠤᠨ᠂ | ᠦᠨᠳᠦᠰᠦᠲᠡᠨ ᠨᠤᠭᠤᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠦᠷ᠎ᠡ | ᠪᠦᠲᠦᠮᠵᠢ ᠶᠢ ᠳᠠᠰᠤᠷᠠᠯᠲᠠ ᠦᠭᠡᠢ ᠳᠡᠭᠡᠭᠰᠢᠯᠡᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠦᠴᠦᠷᠬᠡᠭ ᠶᠡᠭᠡ ᠬᠠᠮᠳᠤᠷᠠᠯ ᠬᠦᠴᠦᠨ ᠢ | ᠨᠢᠭᠲᠠᠷᠠᠭᠤᠯᠤᠨ᠂ ᠵᠢᠱᠢᠶᠡᠴᠢ ᠥᠪᠡᠷᠲᠡᠭᠡᠨ ᠵᠠᠰᠠᠬᠤ ᠤᠷᠤᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ ᠲᠦᠷᠦᠭᠦᠯᠡᠨ ᠳᠠᠭᠤᠷᠢᠶᠠᠯ ᠦᠵᠡᠭᠦᠯᠬᠦ ᠪᠠᠷ | ᠴᠢᠷᠮᠠᠶᠢᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠠᠭᠤᠷᠢᠶᠠᠯ ᠦᠵᠡᠭᠦᠯᠬᠦ ᠬᠤᠲᠠ ᠶᠢ ᠳᠠᠬᠢᠨ ᠠᠮᠵᠢᠯᠲᠠ ᠲᠠᠢ ᠡᠭᠦᠳᠦᠨ | ᠪᠠᠶᠢᠭᠤᠯᠬᠤ ᠶᠢ ᠦᠨᠡᠨ ᠬᠦ ᠪᠠᠲᠤᠯᠠᠨ᠂ ᠤᠷᠳᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠥᠭᠵᠢᠯᠲᠡ ᠶᠢᠨ ᠴᠤ᠋ ᠰᠢᠨ᠎ᠡ ᠬᠠᠭᠤᠳᠠᠰᠤ ᠶᠢ | ᠬᠠᠮᠲᠤ ᠪᠠᠷ ᠪᠢᠴᠢᠭᠯᠡᠬᠦ ᠬᠡᠷᠡᠭᠲᠡᠢ ᠭᠡᠪᠡ᠃ |