ᠤᠲᠤᠭ ᠤᠨ ᠡᠮᠦᠨᠡᠲᠦ ᠬᠤᠰᠢᠭᠤᠨ ᠤ ᠱᠠᠩᠬᠠᠢ ᠶᠢᠨ ᠰᠦᠮ᠎ᠡ ᠪᠠᠯᠭᠠᠰᠤ ᠨᠤᠲᠤᠭ ᠤᠨ ᠡᠭᠦᠯᠳᠡᠷ ᠲᠤ ᠨᠥᠬᠦᠪᠦᠷᠢ ᠤᠯᠭᠤᠵᠤ ᠪᠠᠶᠢᠨ᠎ᠠ
ᠨᠡᠶᠢᠲᠡᠯᠡᠭᠰᠡᠨ ᠴᠠᠭ᠄
2023/12/1
    ᠤᠲᠤᠭ ᠤᠨ ᠡᠮᠦᠨᠡᠲᠦ ᠬᠤᠰᠢᠭᠤᠨ ᠤ ᠱᠠᠩᠬᠠᠢ ᠶᠢᠨ ᠰᠦᠮ᠎ᠡ ᠪᠠᠯᠭᠠᠰᠤ ︽ᠠᠮᠢ ᠠᠬᠤᠢ ᠪᠠᠷ ᠪᠠᠯᠭᠠᠰᠤ ᠪᠠᠨ ᠪᠠᠶᠢᠭᠤᠯᠬᠤ᠂ ᠮᠠᠯ ᠠᠵᠤ ᠠᠬᠤᠢ ᠪᠠᠷ ᠪᠠᠯᠭᠠᠰᠤ ᠎ ᠪᠠᠨ ᠪᠠᠶᠠᠵᠢᠭᠤᠯᠬᠤ᠂ ᠠᠵᠤ ᠦᠢᠯᠡᠰ ᠢᠶᠠᠷ ᠪᠠᠯᠭᠠᠰᠤ ᠪᠠᠨ ᠬᠦᠴᠦᠷᠭᠡᠭᠵᠢᠭᠦᠯᠬᠦ᠂ ᠭᠡᠷᠡᠯ ᠴᠡᠨᠡᠭ ᠢᠶᠠᠷ ᠪᠠᠯᠭᠠᠰᠤ ᠪᠠᠨ ᠬᠥᠭᠵᠢᠭᠦᠯᠬᠦ᠂ ᠡᠷᠡᠭᠦᠯᠵᠢᠯ ᠰᠤᠪᠢᠯᠠᠯᠲᠠ ᠪᠠᠷ ᠪᠠᠯᠭᠠᠰᠤ ᠪᠠᠨ ᠪᠠᠶᠢᠭᠤᠯᠬᠤ︾ ᠬᠥᠭᠵᠢᠯᠲᠡ ᠶᠢᠨ ᠰᠡᠳᠬᠢᠴᠡ ᠪᠠᠷ᠂ ᠪᠦᠬᠦ ᠪᠠᠯᠭᠠᠰᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂   ︽ᠤᠲᠤᠭ ᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠡ ᠶᠢᠨ ᠮᠤᠩᠭᠤᠯ ᠬᠤᠨᠢᠨ ᠤ ᠡᠭᠦᠯᠳᠡᠷ ᠢ ᠬᠠᠮᠠᠭᠠᠯᠠᠬᠤ ᠲᠤᠬᠠᠢ ᠬᠡᠷᠡᠭᠵᠢᠭᠦᠯᠬᠦ ᠲᠦᠰᠦᠯ︾ ᠶᠤᠰᠤᠭᠠᠷ᠂ 2022 ᠤᠨ ᠳᠤ ᠪᠦᠬᠦ ᠪᠠᠯᠭᠠᠰᠤᠨ ᠤ ᠬᠡᠪᠴᠢᠶᠡᠨ ᠳᠤ ᠨᠤᠲᠤᠭ ᠤᠨ ᠬᠤᠨᠢᠨ ᠤ ᠬᠠᠮᠠᠭᠠᠯᠠᠯᠲᠠ ᠶᠢᠨ ᠲᠤᠭᠤᠷᠢᠭ ᠢ 8 ᠵᠠᠭᠠᠭᠯᠠᠨ ᠲᠤᠭᠲᠠᠭᠠᠭᠰᠠᠨ ᠪᠠᠶᠢᠨ᠎ᠠ᠃
640 (1).png   
    ᠱᠠᠩᠬᠠᠢ ᠶᠢᠨ ᠰᠦᠮ᠎ᠡ ᠪᠠᠯᠭᠠᠰᠤᠨ ᠤ ᠲᠥᠪᠡᠳ ᠭᠠᠴᠠᠭᠠᠨ ᠤ ᠮᠠᠯᠴᠢᠨ ᠴᠢᠯᠠᠭᠤᠨᠪᠠᠭᠠᠲᠤᠷ ᠨᠤᠲᠤᠭ ᠪᠡᠯᠴᠢᠭᠡᠷ ᠠᠭᠤᠵᠢᠮ ᠪᠤᠯᠬᠤᠷ ᠭᠤᠤᠯᠳᠠᠭᠤ ᠴᠠᠭᠠᠨ ᠨᠤᠤᠯᠤᠭᠤᠷ ᠤᠨ ᠢᠮᠠᠭ᠎ᠠ ᠪᠤᠯᠤᠨ ᠨᠤᠲᠤᠭ ᠤᠨ ᠬᠤᠨᠢ ᠪᠠᠨ ᠮᠠᠯᠵᠢᠵᠤ ᠠᠵᠤ ᠠᠮᠢᠳᠤᠷᠠᠯ ᠢᠶᠠᠨ ᠲᠡᠩᠴᠡᠭᠦᠯᠵᠤ ᠶᠠᠪᠤᠨ᠎ᠠ᠃ ᠲᠡᠳᠡᠨ ᠤ ᠬᠢᠨ 200 ᠭᠠᠷᠤᠢ ᠬᠤᠨᠢ ᠮᠠᠯᠵᠢᠨ᠂ ᠵᠢᠯ ᠳᠡᠭᠡᠨ 200 ᠭᠠᠷᠤᠢ ᠬᠤᠷᠠᠭ᠎ᠠ ᠲᠤᠰᠳᠠᠭ᠂ ᠬᠤᠷᠠᠭ᠎ᠠ ᠪᠠᠨ ᠬᠤᠳᠠᠯᠳᠤᠪᠠᠯ ᠳᠥᠷᠪᠡ ᠲᠠᠪᠤᠨ ᠲᠦᠮᠡᠨ ᠲᠦᠭᠦᠷᠢᠭ ᠤᠨ ᠤᠷᠤᠯᠭ᠎ᠠ ᠤᠯᠴᠢᠬᠠᠳᠠᠭ ᠪᠠᠶᠢᠨ᠎ᠠ᠃
640 (2).png
    2022 ᠤᠨ ᠳᠤ᠂ ᠱᠠᠩᠬᠠᠢ ᠶᠢᠨ ᠰᠦᠮ᠎ᠡ ᠪᠠᠯᠭᠠᠰᠤ ᠦᠲᠠᠢ ᠭᠠᠴᠠᠭ᠎ᠠ᠂ ᠪᠠᠶᠢᠳᠤ ᠭᠠᠴᠠᠭ᠎ᠠ᠂ ᠬᠠᠰᠢᠶᠠᠲᠤ ᠭᠠᠴᠠᠭ᠎ᠠ᠂ ᠬᠦᠬᠤᠰᠤ ᠭᠠᠴᠠᠭ᠎ᠠ᠂ ᠠᠯᠳᠠᠢ ᠭᠠᠴᠠᠭ᠎ᠠ᠂ ᠮᠠᠩᠬᠠᠲᠤ ᠭᠠᠴᠠᠭ᠎ᠠ᠂ ᠲᠥᠪᠡᠳ ᠭᠠᠴᠠᠭ᠎ᠠ᠂ ᠲᠤᠯᠢ ᠭᠠᠴᠠᠭ᠎ᠠ ᠶᠢ ᠨᠤᠲᠤᠭ ᠤᠨ ᠬᠤᠨᠢᠨ ᠤ ᠬᠠᠮᠠᠭᠠᠯᠠᠯᠲᠠ ᠶᠢᠨ ᠤᠷᠤᠨ ᠢᠶᠠᠷ ᠲᠤᠭᠲᠠᠭᠠᠵᠤ᠂ 100 ᠲᠤᠯᠤᠭᠠᠢ ᠠᠴᠠ ᠳᠡᠭᠡᠭᠰᠢ ᠦᠷᠡᠵᠢᠯ ᠤᠨ ᠬᠤᠨᠢ ᠲᠠᠢ ᠲᠡᠵᠢᠭᠡᠨ ᠦᠷᠡᠵᠢᠭᠦᠯᠬᠦ ᠡᠷᠦᠬᠡ ᠳᠤ ᠦᠷᠡᠵᠢᠯ ᠤᠨ ᠬᠤᠨᠢ ᠪᠦᠷᠢ ᠳᠤ 100 ᠲᠥᠭᠦᠷᠢᠭ ᠨᠥᠬᠦᠪᠦᠷᠢᠯᠡᠨ᠂ ᠪᠠᠰᠠ 68 ᠬᠤᠴᠠ ᠲᠠᠷᠬᠠᠭᠠᠵᠤ᠂ ᠨᠤᠲᠤᠭ ᠤᠨ ᠬᠤᠨᠢᠨ ᠤ ᠡᠭᠦᠯᠳᠡᠷ ᠢ ᠤᠯᠠᠮ ᠨᠢᠭᠡ ᠠᠯᠬᠤᠮ ᠬᠠᠮᠠᠭᠠᠯᠠᠨ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠦᠭᠰᠡᠨ ᠪᠠᠶᠢᠨ᠎ᠠ᠃ ᠤᠳᠤᠬᠠᠨ ᠳᠤ 2023 ᠤᠨ ᠤ ᠨᠤᠲᠤᠭ ᠤᠨ ᠬᠤᠨᠢᠨ ᠤ ᠬᠠᠮᠠᠭᠠᠯᠠᠯᠲᠠ ᠶᠢᠨ ᠠᠵᠢᠯ ᠢ ᠬᠦᠴᠦᠲᠡᠢ ᠠᠬᠢᠭᠤᠯᠵᠤ᠂ ᠡᠨᠡ ᠵᠢᠯ ᠪᠠᠷᠤᠭ 15000 ᠦᠷᠡᠵᠢᠯ ᠤᠨ ᠬᠤᠨᠢᠨ ᠳᠤ ᠨᠥᠬᠦᠪᠦᠷᠢ ᠤᠯᠭᠤᠬᠤ ᠪᠠᠷ ᠪᠤᠢ᠃
640 (3).png
    ᠱᠠᠩᠬᠠᠢ ᠶᠢᠨ ᠰᠦᠮ᠎ᠡ ᠪᠠᠯᠭᠠᠰᠤᠨ ᠤ ᠠᠵᠢᠯᠲᠠᠨ ᠲᠠᠩᠬᠢᠰ᠄ ︽ᠤᠳᠤ ᠬᠤᠨᠢ ᠶᠢ ᠨᠢ ᠦᠵᠡᠵᠤ ᠴᠢᠬᠢᠪᠴᠢ ᠵᠡᠭᠦᠯᠭᠡᠵᠤ ᠪᠠᠶᠢᠨ᠎ᠠ᠂ ᠴᠢᠬᠢᠪᠴᠢ ᠵᠡᠭᠦᠯᠭᠡᠭᠡᠳ ᠪᠠᠷᠠᠪᠠᠯ ᠡᠪᠡᠰᠦ ᠪᠤᠷᠳᠤᠭᠠᠨ ᠤ ᠨᠥᠬᠦᠪᠦᠷᠢ ᠶᠢ ᠨᠢ ᠥᠭᠭᠦᠨ᠎ᠡ᠃ ᠨᠥᠬᠦᠪᠦᠷᠢ ᠥᠭᠴᠦ ᠪᠠᠶᠢᠭ᠎ᠠ ᠨᠢ ᠤᠷᠤᠨ ᠨᠤᠲᠤᠭ ᠤᠨ ᠬᠤᠨᠢᠨ ᠤ ᠡᠭᠦᠯᠳᠡᠷ ᠢᠶᠠᠨ ᠬᠠᠮᠠᠭᠠᠯᠠᠵᠤ ᠪᠠᠶᠢᠭ᠎ᠠ ᠶᠠᠪᠤᠳᠠᠯ ᠪᠤᠯᠬᠤ ᠶᠤᠮ᠃ ᠨᠢᠳᠤᠨᠤᠨ 9000 ᠭᠠᠷᠤᠢ ᠬᠤᠨᠢᠨ ᠳᠤ ᠨᠥᠬᠦᠪᠦᠷᠢ ᠪᠠᠭᠤᠯᠭᠠᠵᠠᠢ᠂ ᠡᠨᠡ ᠵᠢᠯ ᠲᠤᠭ᠎ᠠ ᠲᠤᠯᠤᠭᠠᠢ ᠶᠢ ᠨᠢ ᠨᠡᠮᠡᠭᠳᠡᠭᠦᠯᠦᠭᠡᠳ 15000 ᠪᠤᠯᠭᠠᠬᠤ ᠪᠠᠷ ᠲᠥᠯᠥᠪᠯᠡᠵᠤ ᠪᠠᠶᠢᠨ᠎ᠠ︾ ᠭᠡᠵᠤ ᠪᠠᠶᠢᠯ᠎ᠠ᠃
  640.png
ᠢᠷᠡᠯᠲᠡ᠄ ᠤᠷᠳᠤᠰ ᠤᠨ ᠡᠳᠦᠷ ᠤᠨ ᠰᠤᠨᠢᠨ