ᠴᠡᠷᠢᠭ ᠡᠯᠰᠡᠬᠦ ᠠᠵᠢᠯ ᠡᠬᠢᠯᠡᠯ᠎ᠡ
ᠨᠡᠶᠢᠲᠡᠯᠡᠭᠰᠡᠨ ᠴᠠᠭ᠄
2023/12/1
    2024 ᠤᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠥᠨᠥᠳᠥᠷ ︵12 ᠰᠠᠷ᠎ᠠ ᠶᠢᠨ 1 ᠤ ᠡᠳᠦᠷ︶ ᠠᠴᠠ ᠨᠡᠷ᠎ᠡ ᠮᠡᠳᠡᠭᠦᠯᠵᠤ ᠡᠬᠢᠯᠡᠯ᠎ᠡ᠃ ᠳᠡᠭᠡᠷ᠎ᠡ ᠬᠠᠭᠠᠰ ᠵᠢᠯ ᠳᠤ ᠨᠡᠷ᠎ᠡ ᠮᠡᠳᠡᠭᠦᠯᠬᠦ ᠶᠤᠰᠤᠲᠠᠢ ᠡᠲᠡᠭᠡᠳ ᠨᠢ ᠵᠠᠯᠠᠭᠤᠴᠤᠳ ᠪᠤᠯᠤᠨ᠎ᠠ᠃    ᠥᠨᠳᠥᠷ ᠵᠡᠷᠭᠡ ᠶᠢᠨ ᠳᠤᠮᠳᠠᠳᠤ ᠰᠤᠷᠭᠠᠠᠭᠤᠯᠢ ︵ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠᠭᠲᠠᠨ᠎ᠠ︶ ᠠᠴᠠ ᠲᠡᠭᠦᠰᠦᠭᠰᠡᠨ ᠰᠤᠷᠤᠭᠴᠢ ᠵᠢᠴᠢ ᠲᠡᠭᠦᠨ ᠠᠴᠠ ᠳᠡᠭᠡᠭᠰᠢᠬᠢ ᠰᠤᠶᠤᠯ ᠤᠨ ᠬᠢᠷᠢ ᠬᠡᠮᠵᠢᠶ᠎ᠡ ᠲᠠᠢ ᠵᠠᠯᠠᠭᠤᠴᠤᠳ ︵ᠳᠡᠭᠡᠳᠦ ᠰᠤᠷᠭᠠᠭᠤᠯᠢ ᠶᠢᠨ ᠰᠤᠷᠤᠭᠴᠢ ᠪᠠᠭᠲᠠᠨ᠎ᠠ︶᠂ ᠪᠦᠬᠦᠯᠢ 18 ᠠᠴᠠ 22 ᠨᠠᠰᠤ ᠲᠠᠢ ︵2002 ᠤᠨ ᠤ 1 ᠰᠠᠷ᠎ᠠ ᠶᠢᠨ 1 ᠤ ᠡᠳᠦᠷ ᠠᠴᠠ 2006 ᠤᠨ ᠤ 12 ᠰᠠᠷ᠎ᠠ ᠶᠢᠨ 31  ᠤ ᠡᠳᠦᠷ ᠲᠥᠷᠥᠭᠰᠡᠨ︶︔    ᠡᠩ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠬᠢ ᠲᠤᠰᠬᠠᠢ ᠮᠡᠷᠭᠡᠵᠢᠯ ᠤᠨ ᠠᠩᠬᠢ ᠠᠴᠠ ᠲᠡᠭᠦᠰᠦᠭᠰᠡᠨ ᠰᠤᠷᠤᠬᠴᠢ᠂ ᠳᠡᠭᠡᠷ᠎ᠡ ᠬᠠᠭᠠᠰ ᠵᠢᠯ ᠳᠤ ᠲᠡᠭᠦᠰᠬᠦ ᠨᠥᠬᠦᠴᠡᠯ ᠳᠤ ᠨᠡᠶᠢᠴᠡᠭᠰᠡᠨ ᠲᠡᠭᠦᠰᠬᠦ ᠠᠩᠬᠢ ᠶᠢᠨ ᠰᠤᠷᠤᠭᠴᠢ᠂ ᠪᠦᠬᠦᠯᠢ 18 ᠨᠠᠰᠤᠨ ᠠᠴᠠ ᠪᠦᠬᠦᠯᠢ 24  ᠨᠠᠰᠤ ᠲᠠᠢ︔    ᠠᠰᠫᠢᠷᠠᠨᠲ ᠲᠡᠭᠦᠰᠦᠭᠰᠡᠨ ᠰᠤᠷᠤᠭᠴᠢ ᠵᠢᠴᠢ ᠰᠤᠷᠭᠠᠭᠤᠯᠢ ᠳᠤ ᠪᠠᠶᠢᠭ᠎ᠠ ᠰᠤᠷᠤᠭᠴᠢ ᠶᠢ 26 ᠪᠦᠬᠦᠯᠢ ᠨᠠᠰᠤ ᠬᠦᠷᠲᠡᠯ᠎ᠡ ᠠᠭᠤᠵᠢᠭᠤ ᠲᠠᠯᠪᠢᠨ᠎ᠠ︔    ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠨ ᠰᠤᠶᠤᠯ ᠤᠨ ᠬᠢᠷᠢ ᠬᠡᠮᠵᠢᠶ᠎ᠡ ᠲᠠᠢ ᠵᠠᠯᠠᠭᠤᠴᠤᠳ ᠪᠦᠬᠦᠯᠢ 18 ᠨᠠᠰᠤᠨ ᠠᠴᠠ 20 ᠨᠠᠰᠤ ᠲᠠᠢ᠃ ᠲᠡᠭᠡᠷ᠎ᠡ ᠬᠠᠭᠠᠰ ᠵᠢᠯ ᠤᠨ ᠨᠡᠷ᠎ᠡ ᠮᠡᠳᠡᠭᠦᠯᠬᠦ ᠴᠠᠭ᠄    2023 ᠤᠨ ᠤ 12 ᠰᠠᠷ᠎ᠠ ᠶᠢᠨ 1 ᠤ ᠡᠳᠦᠷ —2024 ᠤᠨ ᠤ 2 ᠰᠠᠷ᠎ᠠ ᠶᠢᠨ 18 ᠤ ᠡᠳᠦᠷ ᠤᠨ 18 ᠴᠠᠭ ᠳᠤᠤᠷ᠎ᠠ ᠬᠠᠭᠠᠰ ᠵᠢᠯ ᠤᠨ ᠨᠡᠷ᠎ᠡ ᠮᠡᠳᠡᠭᠦᠯᠬᠦ ᠴᠠᠭ᠄    2023 ᠤᠨ ᠤ 12 ᠰᠠᠷ᠎ᠠ ᠶᠢᠨ 1 ᠤ ᠡᠳᠦᠷ —2024 ᠤᠨ ᠤ 8 ᠰᠠᠷ᠎ᠠ ᠶᠢᠨ 10 ᠤ ᠡᠳᠦᠷ ᠤᠨ 18 ᠴᠠᠭ ᠨᠡᠷ᠎ᠡ ᠮᠡᠳᠡᠭᠦᠯᠬᠦ ᠰᠦᠯᠵᠢᠶᠡᠨ ᠬᠠᠶᠠᠭ᠄    https://www.gfbzb.gov.cn
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ