ᠰᠢᠨᠬᠤᠸᠠ ᠬᠤᠷᠢᠶ᠎ᠠ ᠶᠢᠨ ᠱᠠᠩᠬᠠᠢ ᠶᠢᠨ 11 ᠰᠠᠷ᠎ᠠ ᠶᠢᠨ 30 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 30 ᠤ ᠦᠳᠡ ᠶᠢᠨ ᠡᠮᠦᠨ᠎ᠡ ᠱᠠᠩᠬᠠᠢ ᠳᠤ ᠬᠥᠬᠡᠮᠥ᠋ᠷᠡᠨ ᠤ | ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠴᠢᠬᠤᠯᠠ ᠶᠠᠷᠢᠶ᠎ᠠ | ᠲᠠᠯᠪᠢᠪᠠ᠃ ᠲᠡᠷᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠵᠤ᠂ ᠰᠢᠨ᠎ᠡ ᠶᠢ ᠡᠭᠦᠳᠬᠦ ᠴᠢᠳᠠᠪᠤᠷᠢ᠂ | ᠠᠵᠤ ᠦᠢᠯᠡᠰ ᠤᠨ ᠥᠷᠢᠰᠦᠯᠳᠦᠬᠦ ᠬᠦᠴᠦᠨ᠂ ᠬᠥᠭᠵᠢᠯᠲᠡ ᠶᠢᠨ ᠴᠢᠳᠠᠪᠤᠷᠢ ᠲᠡᠰ ᠢ ᠤᠯᠠᠮ ᠳᠡᠭᠡᠭᠰᠢᠯᠡᠭᠦᠯᠵᠦ᠂ ᠨᠡᠩ ᠥᠨᠳᠥᠷ ᠲᠡᠰ ᠳᠠᠪᠬᠤᠷᠭ᠎ᠠ ᠶᠢᠨ | ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠤᠷᠢᠳ ᠢᠶᠠᠷ ᠪᠦᠷᠢᠯᠳᠦᠭᠦᠯᠬᠦ ᠨᠢ ᠮᠠᠨ ᠤ ᠤᠯᠤᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ ᠪᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ | ᠶᠤᠮ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠢᠭᠡ ᠴᠣᠭᠴᠠᠵᠢᠭᠤᠯᠬᠤ | ᠪᠠ ᠴᠢᠨᠠᠷ ᠰᠠᠶᠢᠲᠠᠢ ᠪᠠᠶᠢᠯᠭᠠᠬᠤ ᠡᠨᠡ ᠬᠤᠶᠠᠷ ᠵᠠᠩᠭᠢᠯᠠᠭ᠎ᠠ ᠶᠢᠨ ᠦᠭᠡ ᠶᠢ ᠴᠢᠩᠭ᠎ᠠ ᠡᠵᠡᠮᠳᠡᠵᠦ᠂ ᠪᠦᠭᠦ ᠪᠥᠮᠪᠥᠷᠴᠡᠭ ᠤᠨ ᠬᠠᠷᠠᠭᠠᠰᠤ ᠪᠠ ᠪᠠᠶᠢᠯᠳᠤᠬᠤ | ᠪᠣᠳᠣᠯᠭ᠎ᠠ ᠶᠢᠨ ᠰᠡᠳᠬᠢᠬᠦᠢ ᠶᠢ ᠪᠤᠢ ᠪᠤᠯᠭᠠᠵᠤ᠂ ᠣᠭᠲᠣᠬᠠᠨ ᠴᠤ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ | ᠨᠡᠭᠡᠭᠡᠯᠲᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠨᠢᠭᠡᠳᠦᠯᠲᠡᠢ | ᠲᠥᠯᠥᠪᠵᠢᠭᠦᠯᠵᠦ᠂ ᠳᠠᠭᠠᠭᠤᠯᠤᠭᠴᠢ ᠪᠣᠯᠵᠤ ᠳᠠᠶᠢᠴᠢᠯᠠᠬᠤ ᠪᠠ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠬᠠᠲᠠᠭᠤ | ᠲᠤᠨᠤᠭ ᠤᠨ ᠬᠤᠯᠪᠣᠯᠳᠤᠨ ᠨᠡᠪᠲᠡᠷᠡᠯᠴᠡᠬᠦ ᠪᠠ ᠲᠣᠭᠲᠠᠴᠠ ᠶᠢᠨ ᠬᠠᠮᠵᠢᠯᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠪᠠ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠲᠠᠯ᠎ᠠ ᠪᠠᠷ ᠤᠷᠢᠳ ᠢᠶᠠᠷ ᠵᠢᠱᠢᠶ᠎ᠡ | ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠲᠠᠯ᠎ᠠ ᠪᠠᠷ ᠢᠳᠡᠪᠬᠢᠲᠡᠢ ᠰᠦᠪᠡᠭᠴᠢᠯᠡᠵᠦ᠂ ᠬᠥᠬᠡᠮᠥ᠋ᠷᠡᠨ ᠤ | ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠴᠢᠬᠤᠯᠠ ᠶᠡᠭᠡ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠳᠤᠮᠳᠠ ᠡᠮᠦᠨ᠎ᠡ ᠨᠢ ᠬᠤᠰᠢᠭᠤᠷᠠᠵᠤ᠂ ᠤᠷᠢᠳ ᠢᠶᠠᠷ ᠵᠠᠮ ᠰᠦᠪᠡᠭᠴᠢᠯᠡᠬᠦ᠂ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠭᠦ᠂ | ᠨᠥᠯᠥᠭᠡᠯᠡᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | 11 ᠰᠠᠷ᠎ᠠ ᠶᠢᠨ 30 ᠤ ᠦᠳᠡ ᠶᠢᠨ ᠡᠮᠦᠨ᠎ᠡ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠱᠠᠩᠬᠠᠢ ᠳᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ | ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠴᠢᠬᠤᠯᠠ ᠶᠠᠷᠢᠶ᠎ᠠ ᠲᠠᠯᠪᠢᠪᠠ᠃ | ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ | ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ | ᠲᠢᠩᠬᠢᠮ ᠤᠨ ᠡᠷᠭᠢᠯᠡᠭᠴᠢ ᠼᠠᠢ ᠴᠢ ᠶᠠᠷᠢᠯᠴᠠᠬᠤ ᠬᠤᠷᠠᠯ ᠳᠤ ᠣᠷᠣᠯᠴᠠᠪᠠ᠃ | ᠰᠢ ᠶᠢᠨ ᠫᠢᠩ ᠱᠠᠩᠬᠠᠢ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠭᠠᠨ ᠡᠨᠡ ᠤᠳᠠᠭ᠎ᠠ ᠶᠢᠨ ᠶᠠᠷᠢᠯᠴᠠᠬᠤ ᠬᠤᠷᠠᠯ ᠢ ᠲᠤᠰᠬᠠᠶᠢᠯᠠᠨ | ᠬᠤᠷᠠᠯᠳᠤᠭᠤᠯᠪᠠ᠃ ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ | ᠱᠠᠩᠬᠠᠢ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠴᠧᠨ ᠵᠢᠢ ᠨᠢᠩ᠂ ᠵᠢᠶᠠᠩᠰᠤ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠰᠢᠨ ᠴᠠᠩ ᠰᠢᠩ᠂ ᠵᠧᠵᠢᠶᠠᠩ | ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠢ ᠯᠢᠶᠠᠨ ᠬᠤᠩ᠂ ᠠᠨᠾᠦ᠋ᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠠᠨ ᠵᠢᠶᠦ᠋ᠨ ᠤᠷᠢᠳ ᠬᠤᠵᠢᠳ ᠦᠭᠡ | ᠬᠡᠯᠡᠵᠦ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠲᠤᠬᠠᠢ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠬᠢᠵᠦ᠂ ᠰᠠᠨᠠᠯ ᠰᠠᠨᠠᠭᠤᠯᠭ᠎ᠠ ᠳᠤᠷᠠᠳᠴᠠᠢ᠃ | ᠤᠯᠠᠨ ᠤ ᠬᠡᠯᠡᠬᠦ ᠶᠢ ᠰᠣᠨᠣᠰᠤᠭᠰᠠᠨ ᠤ ᠲᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ | ᠴᠣᠭᠴᠠᠵᠢᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠳᠤᠷᠠᠳᠤᠨ ᠭᠠᠷᠭᠠᠵᠤ ᠬᠡᠷᠡᠭᠵᠢᠭᠦᠯᠦᠭᠰᠡᠨ 5 ᠵᠢᠯ ᠤᠨ ᠲᠤᠷᠰᠢ᠂ ᠲᠥᠯᠦᠪᠵᠢᠭᠦᠯᠭᠡ ᠲᠦᠷᠦ ᠶᠢᠨ | ᠪᠣᠳᠣᠯᠭ᠎ᠠ ᠶᠢᠨ ᠰᠢᠰᠲ᠋ᠧᠮ ᠢ ᠪᠦᠷᠢᠯᠳᠦᠭᠦᠯᠦᠭᠰᠡᠨ ᠪᠥᠭᠡᠳ ᠲᠠᠰᠤᠷᠠᠯᠳᠡ ᠦᠭᠡᠢ ᠲᠡᠭᠦᠯᠳᠡᠷᠵᠢᠭᠦᠯᠵᠦ᠂ ᠡᠷᠴᠢᠮᠲᠡᠢ ᠬᠥᠭᠵᠢᠶᠡᠨᠲᠡᠢ ᠨᠡᠮᠡᠭᠳᠡᠯ ᠤᠨ ᠲᠦᠢᠯ ᠤᠨ | ᠴᠢᠳᠠᠮᠵᠢ ᠶᠢ ᠲᠠᠰᠤᠷᠠᠯᠳᠡ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠴᠢᠬᠤᠯᠠ ᠶᠡᠭᠡ ᠰᠢᠪᠲᠤᠯᠤᠯᠲᠠ ᠲᠠᠢ ᠪᠣᠯᠵᠤ᠂ ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ ᠢ ᠠᠯᠬᠤᠵᠤ᠂ ᠠᠮᠢ ᠠᠬᠤᠢ | ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠵᠤ ᠬᠤᠯᠪᠤᠭᠠᠯᠠᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ | ᠣᠷᠣᠨ ᠪᠦᠰᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠪᠣᠯᠣᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠦᠷᠭᠦᠯᠵᠢᠯᠡᠨ ᠪᠦᠭᠦ ᠤᠯᠤᠰ ᠤᠨ ᠡᠮᠦᠨ᠎ᠡ | ᠡᠩᠨᠡᠭᠡᠨ ᠳᠤ ᠣᠷᠣᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠴᠢᠨᠠᠷ ᠢ ᠢᠯᠡᠷᠡᠭᠦᠯᠦᠭᠰᠡᠨ ᠴᠢᠬᠤᠯᠠ | ᠴᠣᠩᠬᠤᠪᠴᠢ ᠪᠣᠯᠣᠨ ᠮᠠᠨ ᠤ ᠤᠯᠤᠰ ᠤᠨ ᠤᠯᠠᠨ ᠤᠯᠤᠰ ᠤᠨ ᠥᠷᠢᠰᠦᠯᠳᠦᠭᠡᠨ ᠬᠠᠮᠲᠤᠷᠠᠯᠴᠠᠭ᠎ᠠ ᠳᠤ ᠣᠷᠤᠯᠴᠠᠬᠤ ᠴᠢᠬᠤᠯᠠ ᠲᠠᠪᠴᠠᠩ ᠤᠨ ᠦᠢᠯᠡᠳᠦᠯ ᠡᠳᠦᠷ | ᠢᠷᠡᠬᠦᠶ᠎ᠡ ᠢᠯᠡᠷᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠳᠤ ᠪᠠᠶᠢᠯᠳᠤᠬᠤ | ᠪᠣᠳᠣᠯᠭ᠎ᠠ ᠶᠢᠨ ᠰᠠᠨᠠᠭᠠᠴᠢᠯᠠᠭᠠᠲᠤ ᠡᠷᠬᠡ ᠶᠢ ᠲᠡᠮᠡᠴᠡᠨ ᠣᠯᠣᠭᠰᠠᠨ ᠪᠠᠶᠢᠨ᠎ᠠ᠃ ᠡᠭᠦᠨ ᠤ ᠬᠠᠮᠲᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ | ᠴᠣᠭᠴᠠᠵᠢᠭᠰᠠᠨ ᠬᠥᠭᠵᠢᠯᠲᠡ ᠳᠤ ᠮᠠᠰᠢ ᠤᠯᠠᠨ ᠭᠦᠨ ᠳᠠᠪᠬᠤᠷᠭ᠎ᠠ ᠶᠢᠨ ᠠᠰᠠᠭᠤᠳᠠᠯ ᠢ ᠤᠯᠠᠮ ᠴᠢᠨᠠᠭᠰᠢᠳᠠ ᠰᠢᠢᠳᠪᠦᠷᠢᠯᠡᠬᠦ ᠴᠢᠬᠤᠯᠠᠲᠠᠢ᠂ ᠬᠥᠭᠵᠢᠯᠲᠡ ᠶᠢᠨ ᠶᠠᠰᠤ | ᠴᠢᠨᠠᠷ ᠦᠷ᠎ᠡ ᠪᠦᠲᠦᠮᠵᠢ ᠪᠣᠯᠣᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠮᠥᠨ ᠬᠦ ᠳᠡᠭᠡᠭᠰᠢᠯᠡᠭᠦᠯᠭᠦ ᠴᠢᠬᠤᠯᠠᠲᠠᠢ᠂ ᠭᠤᠣᠯᠳᠠᠯᠭ᠎ᠠ ᠲᠠᠢ ᠬᠦᠷᠢᠶ᠎ᠡ᠂ | ᠭᠤᠣᠯᠳᠠᠯᠭ᠎ᠠ ᠲᠠᠢ ᠣᠷᠣᠨ ᠪᠦᠰᠡ ᠶᠢᠨ ᠨᠢᠭᠡ ᠴᠣᠭᠴᠠᠵᠢᠯᠲᠠ ᠳᠤ ᠪᠠᠰᠠ ᠴᠢᠷᠮᠠᠶᠢᠯᠭ᠎ᠠ ᠭᠠᠷᠭᠠᠬᠤ ᠴᠢᠬᠤᠯᠠᠲᠠᠢ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠠᠵᠢᠯ ᠤᠨ ᠬᠤᠪᠢᠶᠠᠷᠢᠯᠠᠨ ᠬᠠᠮᠵᠢᠯᠴᠠᠬᠤ ᠲᠦᠪᠰᠢᠨ ᠢ ᠳᠡᠭᠡᠭᠰᠢᠯᠡᠭᠦᠯᠭᠦ ᠴᠢᠬᠤᠯᠠᠲᠠᠢ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ | ᠪᠠᠶᠢᠭᠤᠯᠬᠤ ᠳᠠᠭᠠᠭᠤᠯᠤᠭᠴᠢ ᠶᠢᠨ ᠳᠠᠶᠢᠴᠢᠯᠠᠬᠤ ᠦᠢᠯᠡᠳᠦᠯ ᠢ ᠴᠢᠨᠠᠭᠰᠢᠳᠠ ᠪᠠᠳᠠᠷᠠᠭᠤᠯᠬᠤ ᠴᠢᠬᠤᠯᠠᠲᠠᠢ᠂ ᠥᠭᠡᠷᠡᠴᠢᠯᠡᠯᠲᠡ ᠨᠡᠭᠡᠭᠡᠯᠲᠡ ᠶᠢ ᠪᠠᠰᠠ ᠴᠢᠨᠠᠭᠰᠢᠳᠠ | ᠭᠦᠨᠵᠡᠭᠡᠶᠢᠷᠡᠭᠦᠯᠦᠨ ᠥᠷᠭᠡᠳᠬᠡᠬᠦ ᠴᠢᠬᠤᠯᠠᠲᠠᠢ᠂ ᠭᠡᠳᠦ ᠶᠡᠭᠡ ᠣᠨᠴᠠ ᠶᠡᠭᠡ ᠬᠤᠳᠠ ᠶᠢᠨ ᠵᠠᠰᠠᠯᠲᠠ ᠪᠣᠯᠣᠨ ᠬᠥᠭᠵᠢᠯᠲᠡ ᠳᠤ ᠪᠠᠰᠠ ᠴᠥᠭᠡᠨ ᠪᠤᠰᠤ ᠳᠤᠲᠠᠭᠤᠳᠠᠯ | ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠪᠣᠯ ᠲᠣᠮᠣ | ᠶᠠᠪᠤᠳᠠᠯ ᠮᠥᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠨᠢᠭᠡ ᠡᠭᠡᠯᠵᠢ ᠨᠢ ᠨᠢᠭᠡ ᠡᠭᠡᠯᠵᠢ ᠪᠠᠨ ᠵᠠᠯᠭᠠᠨ ᠠᠪᠴᠤ ᠦᠷᠭᠦᠯᠵᠢᠯᠡᠨ | ᠠᠵᠢᠯᠯᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ | ᠠᠵᠤ ᠦᠢᠯᠡᠰ ᠤᠨ ᠰᠢᠨ᠎ᠡ ᠶᠢ ᠡᠭᠦᠳᠬᠦ ᠳᠡᠭᠡᠨ ᠣᠷᠣᠨ ᠪᠦᠰᠡ ᠠᠯᠤᠰᠯᠠᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ | ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠰᠢᠨ᠎ᠡ ᠵᠠᠭᠪᠤᠷ ᠤᠨ ᠪᠤᠢ | ᠪᠤᠯᠬᠤ ᠶᠢ ᠲᠦᠷᠭᠡᠳᠬᠡᠵᠦ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠬᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠵᠤ᠂ | ᠬᠥᠬᠡᠮᠥ᠋ᠷᠡᠨ ᠤ ᠠᠵᠤ ᠠᠬᠤᠢ ᠶᠢᠨ ᠪᠦᠰᠡ ᠲᠠᠢ ᠨᠡᠩ ᠰᠠᠶᠢᠲᠤᠷ ᠬᠤᠯᠪᠤᠭᠠᠯᠠᠨ ᠬᠥᠳᠡᠯᠦᠯᠴᠡᠵᠦ᠂ ᠪᠦᠭᠦ ᠤᠯᠤᠰ ᠢ ᠲᠠᠶᠢᠴᠢᠯᠠᠨ ᠨᠥᠯᠥᠭᠡᠯᠡᠬᠦ ᠬᠡᠷᠡᠭᠲᠡᠢ᠃ ᠣᠷᠣᠨ | ᠪᠦᠰᠡ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠨ ᠪᠣᠯᠣᠨ ᠳᠠᠪᠠᠭᠤᠯᠢᠭ ᠡᠬᠢ | ᠪᠠᠶᠠᠯᠢᠭ ᠢ ᠨᠡᠶᠢᠳᠬᠡᠵᠦ᠂ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠭᠤᠯᠣᠮᠲᠠ ᠶᠢ ᠴᠣᠭᠴᠠᠯᠠᠬᠤ ᠬᠡᠷᠡᠭᠲᠡᠢ᠃ ᠨᠡᠩ ᠨᠡᠭᠡᠭᠡᠯᠲᠡᠲᠡᠢ ᠰᠡᠳᠬᠢᠬᠦᠢ ᠪᠣᠯᠣᠨ ᠠᠷᠭ᠎ᠠ ᠬᠡᠮᠵᠢᠶ᠎ᠡ ᠪᠠᠷ ᠤᠯᠠᠨ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠳᠤ ᠣᠷᠣᠯᠴᠠᠵᠤ᠂ ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠢᠶᠠᠷ ᠨᠡᠩ ᠶᠡᠭᠡ ᠰᠢᠨ᠎ᠡ ᠶᠢ ᠡᠭᠦᠳᠬᠦ ᠠᠮᠢ | ᠠᠬᠤᠢ ᠶᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠨᠢᠭᠡ ᠴᠣᠭᠴᠠᠵᠢᠭᠰᠠᠨ ᠬᠥᠭᠵᠢᠯᠲᠡ ᠶᠢᠨ ᠪᠠᠶᠢᠭᠤᠯᠤᠮᠵᠢ | ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ ᠡᠷᠬᠡᠪᠰᠢ ᠪᠠᠶᠢᠭᠤᠯᠤᠮᠵᠢ ᠲᠣᠭᠲᠠᠴᠠ ᠶᠢᠨ ᠲᠠᠯ᠎ᠠ ᠪᠠᠷ ᠭᠠᠵᠠᠷ ᠣᠷᠣᠨ ᠤ ᠬᠡᠰᠡᠭᠯᠡᠯ ᠪᠠ ᠵᠠᠰᠠᠭ | ᠵᠠᠬᠢᠷᠭᠠᠨ ᠤ ᠪᠠᠬᠢᠯᠡᠯᠲᠡ ᠶᠢ ᠡᠪᠳᠡᠵᠦ᠂ ᠨᠢᠭᠡ ᠴᠣᠭᠴᠠᠵᠢᠭᠤᠯᠤᠨ ᠬᠥᠭᠵᠢᠭᠦᠯᠬᠦ ᠳᠤ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠨᠢᠭᠡ ᠴᠣᠭᠴᠠᠵᠢᠭᠤᠯᠬᠤ | ᠤᠬᠠᠮᠰᠠᠷ ᠢᠶᠠᠨ ᠴᠢᠩᠭᠠᠳᠬᠠᠵᠤ᠂ ᠬᠥᠯᠭᠡ ᠰᠢᠲᠠᠷ᠎ᠠ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠳᠦᠷᠢᠮ ᠪᠠ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ | ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶ᠎ᠡ ᠭᠤᠣᠯᠳᠠᠯᠭ᠎ᠠ ᠲᠠᠢ ᠣᠷᠣᠨ ᠪᠦᠰᠡ ᠳᠤ ᠨᠡᠩ ᠶᠡᠭᠡ ᠰᠢᠪᠲᠤᠯᠤᠯᠲᠠ ᠭᠠᠷᠭᠠᠵᠤ᠂ ᠡᠯ᠎ᠡ ᠵᠦᠢᠯ ᠤᠨ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠰᠢᠰᠲ᠋ᠧᠮ ᠲᠠᠢ ᠬᠤᠷᠠᠮᠳᠤᠯ ᠪᠠ ᠬᠠᠮᠵᠢᠯᠴᠠᠭ᠎ᠠ ᠶᠢ ᠴᠢᠩᠭᠠᠳᠬᠠᠵᠤ᠂ ᠨᠢᠭᠡ ᠴᠣᠭᠴᠠᠵᠢᠯᠲᠠ ᠶᠢ ᠨᠡᠩ ᠭᠦᠨ ᠳᠠᠪᠬᠤᠷᠭ᠎ᠠ | ᠨᠡᠩ ᠥᠷᠭᠡᠨ ᠬᠦᠷᠢᠶ᠎ᠡ ᠲᠡᠶᠢᠰᠢ ᠥᠷᠭᠡᠳᠬᠡᠬᠦ ᠶᠢ ᠠᠬᠢᠭᠤᠯᠬᠤ ᠬᠡᠷᠡᠭᠲᠡᠢ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠳᠦᠷᠢᠮ ᠤᠨ ᠵᠣᠯᠭᠠᠯᠴᠠᠭ᠎ᠠ᠂ | ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ᠂ ᠪᠠᠷᠢᠮᠵᠢᠶ᠎ᠠ ᠠᠳᠠᠯᠢᠰᠢᠬᠤ ᠶᠢ ᠠᠯᠬᠤᠮ ᠲᠠᠷᠠᠭ᠎ᠠ ᠲᠠᠢ ᠪᠠᠷ ᠠᠬᠢᠭᠤᠯᠵᠤ᠂ ᠡᠯ᠎ᠡ ᠬᠦᠷᠢᠶᠡᠨ ᠤ ᠤᠯᠠᠨ ᠨᠡᠶᠢᠲᠡ ᠶᠢᠨ | ᠦᠢᠯᠡᠴᠢᠯᠡᠭᠡ ᠶᠢᠨ ᠲᠦᠭᠦᠮ ᠦᠵᠡᠭᠦᠯᠵᠦ ᠬᠠᠮᠲᠤ ᠪᠠᠷ ᠡᠳ᠋ᠯᠡᠬᠦ ᠶᠢ ᠲᠦᠷᠦᠯ ᠬᠤᠪᠢᠶᠠᠨ ᠠᠬᠢᠭᠤᠯᠬᠤ ᠬᠡᠷᠡᠭᠲᠡᠢ᠃ ᠡᠯ᠎ᠡ ᠲᠦᠷᠦᠯ ᠤᠨ ᠵᠠᠮ ᠬᠠᠷᠢᠯᠴᠠᠭᠠᠨ ᠤ | ᠲᠣᠣᠷ ᠤᠨ ᠰᠠᠭᠤᠷᠢ ᠲᠥᠬᠦᠭᠡᠷᠦᠮᠵᠢ ᠶᠢᠨ ᠪᠠᠷᠢᠮᠵᠢᠶ᠎ᠠ ᠶᠢ ᠣᠷᠣᠨ ᠪᠦᠰᠡ ᠠᠯᠤᠰᠯᠠᠨ ᠵᠣᠯᠭᠠᠭᠤᠯᠬᠤ ᠶᠢ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ | ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠠᠮᠢ ᠠᠬᠤᠢ ᠶᠢᠨ ᠪᠣᠬᠢᠷᠳᠤᠯ ᠦᠭᠡᠢ ᠨᠢᠭᠡ | ᠴᠣᠭᠴᠠᠵᠢᠭᠰᠠᠨ ᠬᠥᠭᠵᠢᠯᠲᠡ ᠶᠢᠨ ᠵᠢᠱᠢᠶ᠎ᠡ ᠦᠵᠡᠭᠦᠯᠭᠦ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠱᠢᠶ᠎ᠡ ᠦᠵᠡᠭᠦᠯᠭᠦ ᠣᠷᠣᠨ ᠤ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠥᠯᠦᠪᠵᠢᠭᠦᠯᠭᠡ᠂ ᠭᠠᠵᠠᠷ ᠰᠢᠷᠣᠢ᠂ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠣᠷᠣᠨ ᠪᠦᠰᠡ ᠠᠯᠤᠰᠯᠠᠨ ᠬᠠᠮᠵᠢᠯᠴᠠᠬᠤ ᠪᠠ ᠣᠷᠭᠠᠨᠢᠭ ᠢᠶᠠᠷ ᠵᠣᠯᠭᠠᠯᠳᠤᠬᠤ ᠶᠢ ᠴᠢᠩᠭᠠᠳᠬᠠᠵᠤ᠂ ᠣᠷᠣᠨ ᠪᠦᠰᠡ ᠶᠢᠨ ᠲᠦᠷᠦᠯ | ᠵᠦᠢᠯ ᠤᠨ ᠬᠠᠮᠵᠢᠯᠴᠠᠭ᠎ᠠ ᠠᠴᠠ ᠣᠷᠣᠨ ᠪᠦᠰᠡ ᠶᠢᠨ ᠨᠢᠭᠡ ᠴᠣᠭᠴᠠᠵᠢᠭᠰᠠᠨ ᠳᠦᠷᠢᠮ ᠤᠨ ᠰᠢᠨ᠎ᠡ ᠶᠢ ᠡᠭᠦᠳᠬᠦ ᠶᠢ ᠲᠦᠷᠭᠡᠳᠬᠡᠬᠦ ᠬᠡᠷᠡᠭᠲᠡᠢ᠃ ᠣᠷᠣᠨ ᠪᠦᠰᠡ | ᠠᠯᠤᠰᠯᠠᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠵᠤ᠂ ᠠᠵᠤ ᠦᠢᠯᠡᠰ ᠤᠨ ᠣᠷᠣᠨ ᠪᠦᠰᠡ ᠠᠯᠤᠰᠯᠠᠨ ᠰᠢᠯᠵᠢᠭᠦ ᠪᠠ ᠦᠢᠯᠡᠳᠪᠦᠷᠢᠯᠡᠯ ᠤᠨ | ᠬᠦᠴᠦᠨ ᠵᠦᠢᠯ ᠢ ᠵᠦᠢ ᠵᠣᠬᠢᠰᠲᠠᠢ ᠲᠣᠬᠢᠷᠠᠭᠤᠯᠬᠤ ᠶᠢ ᠡᠮᠬᠢ ᠵᠢᠷᠤᠮ ᠲᠠᠢ ᠠᠬᠢᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠢ ᠦᠨᠡᠨ ᠬᠦ ᠣᠷᠣᠨ ᠪᠦᠰᠡ ᠶᠢᠨ | ᠬᠥᠭᠵᠢᠯᠲᠡ ᠶᠢᠨ ᠬᠠᠮᠲᠤ ᠶᠢᠨ ᠴᠣᠭᠴᠠ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠳᠡᠭᠡᠳᠦ ᠲᠡᠰ ᠳᠠᠪᠬᠤᠷᠭ᠎ᠠ ᠶᠢᠨ ᠬᠠᠮᠵᠢᠯᠴᠠᠨ ᠨᠡᠭᠡᠭᠡᠯᠲᠡ ᠬᠢᠬᠦ ᠶᠢ | ᠢᠳᠡᠪᠬᠢᠲᠡᠢ ᠠᠬᠢᠭᠤᠯᠬᠤ ᠬᠡᠷᠡᠭᠲᠡᠢ᠃ ᠳᠦᠷᠢᠮ ᠤᠨ ᠭᠡᠯᠪᠡᠷᠢ ᠶᠢᠨ ᠨᠡᠭᠡᠭᠡᠯᠲᠡ ᠪᠠᠷ ᠭᠤᠣᠯᠳᠠᠯᠭ᠎ᠠ ᠪᠤᠯᠭᠠᠬᠰᠠᠨ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠠᠬᠢᠭᠤᠯᠵᠤ᠂ ᠥᠭᠡᠷᠡᠴᠢᠯᠡᠯᠲᠡ ᠶᠢᠨ ᠲᠤᠷᠰᠢᠯᠭ᠎ᠠ ᠪᠠᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠬᠤ ᠪᠠ ᠲᠡᠷᠡ ᠬᠡᠪ ᠢᠶᠠᠷ ᠨᠢ | ᠳᠡᠯᠭᠡᠷᠡᠭᠦᠯᠬᠦ ᠶᠢ ᠴᠢᠩᠭᠠᠳᠬᠠᠵᠤ᠂ ᠮᠠᠨ ᠤ ᠤᠯᠤᠰ ᠤᠨ ᠠᠵᠤ ᠠᠬᠤᠢ ᠶᠢᠨ ᠶᠡᠭᠡ ᠣᠷᠴᠢᠯ ᠢ ᠰᠢᠯᠤᠭᠤᠳᠬᠠᠬᠤ ᠬᠦᠴᠦᠷᠬᠡᠭ ᠶᠡᠭᠡ ᠬᠥᠳᠡᠯᠭᠡᠭᠦᠷ ᠪᠠ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠯᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠦᠢᠰᠦ ᠪᠤᠯᠬᠤ ᠪᠠᠷ ᠴᠢᠷᠮᠠᠶᠢᠬᠤ ᠬᠡᠷᠡᠭᠲᠡᠢ᠃ ᠱᠠᠩᠬᠠᠢ ᠶᠢᠨ ︽ | ᠲᠠᠪᠤᠨ ᠲᠥᠪ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠫᠦᠳᠦ᠋ᠩ ᠰᠢᠨ᠎ᠡ ᠲᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠢ ᠲᠦᠷᠭᠡᠳᠬᠡᠨ ᠠᠬᠢᠭᠤᠯᠵᠤ᠂ ᠬᠤᠩ ᠴᠢᠶᠣᠤ ᠶᠢᠨ ᠤᠯᠠᠨ ᠤᠯᠤᠰ ᠤᠨ ᠨᠡᠭᠡᠭᠡᠯᠲᠡ ᠶᠢᠨ ᠬᠦᠢᠰᠦ ᠶᠢᠨ ᠲᠠᠶᠢᠴᠢᠯᠠᠨ ᠨᠥᠯᠥᠭᠡᠯᠡᠬᠦ | ᠴᠢᠳᠠᠪᠤᠷᠢ ᠶᠢᠨ ᠲᠡᠰ ᠢ ᠤᠯᠠᠮ ᠳᠡᠭᠡᠭᠰᠢᠯᠡᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠶᠡᠭᠡ ᠪᠠᠷ | ᠬᠡᠷᠡᠭᠵᠢᠭᠦᠯᠵᠦ᠂ ᠱᠠᠩᠬᠠᠢ ᠶᠢᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠭᠠᠷᠠᠮ ᠳᠠᠭᠠᠤ ᠰᠢᠨ᠎ᠡ ᠲᠣᠭᠤᠷᠢᠭ ᠤᠨ ᠨᠡᠩ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠠᠬᠢᠭᠤᠯᠬᠤ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠪᠣᠯᠣᠨ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠥᠬᠡᠮᠥ᠋ᠷᠡᠨ ᠤ ᠭᠤᠷᠪᠠᠯᠵᠢᠨ | ᠬᠤᠶᠢᠭ ᠤᠨ ᠳᠠᠪᠠᠭᠤᠯᠢᠭ ᠦᠢᠯᠡᠳᠪᠦᠷᠢᠯᠡᠯ ᠤᠨ ᠴᠢᠳᠠᠪᠤᠷᠢ᠂ ᠰᠢᠯᠢᠳᠡᠭ ᠲᠣᠨᠣᠭᠯᠠᠯ᠂ ᠬᠡᠷᠡᠭᠯᠡᠭᠡᠨ ᠤ ᠮᠡᠷᠭᠡᠵᠢᠯ ᠪᠣᠯᠣᠨ ᠪᠠᠷᠢᠮᠵᠢᠶ᠎ᠠ ᠶᠢᠨ ︽ᠭᠠᠷᠴᠤ ᠶᠠᠪᠤᠬᠤ︾ ᠶᠢ | ᠠᠬᠢᠭᠤᠯᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠵᠣᠷᠢᠭᠵᠢᠭᠤᠯᠬᠤ᠂ ᠳᠡᠮᠵᠢᠬᠦ᠂ ᠬᠥᠲᠥᠯᠥᠨ ᠵᠢᠯᠤᠭᠤᠳᠬᠤ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ | ᠣᠷᠴᠢᠨ ᠨᠥᠬᠦᠴᠡᠯ ᠢ ᠤᠯᠠᠮ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠠᠮᠢ ᠠᠬᠤᠢ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠵᠤ | ᠬᠤᠯᠪᠤᠭᠠᠯᠠᠨ ᠵᠠᠰᠠᠬᠤ ᠶᠢ ᠴᠢᠩᠭᠠᠳᠬᠠᠬᠤ ᠬᠡᠷᠡᠭᠲᠡᠢ᠃ ᠭᠤᠷᠪᠠᠨ ᠮᠤᠵᠢ ᠨᠢᠭᠡ ᠬᠤᠳᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠪᠰᠠᠷ | ᠦᠭᠡᠢ ᠵᠣᠯᠭᠠᠭᠤᠯᠬᠤ ᠶᠢ ᠴᠢᠩᠭᠠᠳᠬᠠᠵᠤ᠂ ᠴᠢᠬᠤᠯᠠ ᠠᠮᠢ ᠠᠬᠤᠢ ᠶᠢᠨ ᠬᠠᠯᠬᠠᠪᠴᠢ ᠪᠠ ᠠᠮᠢ ᠠᠬᠤᠢ ᠶᠢᠨ ᠬᠤᠩᠭᠢᠯ ᠢ ᠬᠠᠮᠲᠤ ᠪᠠᠷ ᠬᠠᠮᠠᠭᠠᠯᠠᠬᠤ ᠶᠢ ᠠᠬᠢᠭᠤᠯᠵᠤ᠂ | ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠳᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠢᠯᠢ ᠠᠯᠤᠰᠯᠠᠭᠰᠠᠨ ᠤᠰᠤᠨ | ᠴᠣᠭᠴᠠ ᠶᠢ ᠬᠠᠮᠲᠤ ᠪᠠᠷ ᠬᠠᠮᠠᠭᠠᠯᠠᠵᠤ ᠬᠠᠮᠲᠤᠷᠠᠨ ᠵᠠᠰᠠᠬᠤ ᠶᠢ ᠭᠦᠨᠵᠡᠭᠡᠢ ᠥᠷᠨᠢᠭᠦᠯᠵᠦ᠂ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠣᠷᠣᠨ ᠪᠦᠰᠡ ᠶᠢᠨ ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ | ᠴᠢᠩᠭᠠᠳᠬᠠᠵᠤ᠂ ᠣᠷᠣᠨ ᠪᠦᠰᠡ ᠶᠢᠨ ᠪᠣᠬᠢᠷᠳᠤᠯ ᠦᠭᠡᠢ ᠦᠢᠯᠡᠳᠬᠦ ᠰᠢᠰᠲ᠋ᠧᠮ ᠢ ᠪᠠᠶᠢᠭᠤᠯᠬᠤ ᠬᠡᠷᠡᠭᠲᠡᠢ᠃ ᠠᠷᠢᠭᠤᠨ ᠴᠡᠪᠡᠷ ᠦᠢᠯᠡᠳᠪᠦᠷᠢᠯᠡᠯ ᠢ ᠪᠦᠭᠦ ᠲᠠᠯ᠎ᠠ ᠪᠠᠷ | ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠢ | ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠪᠣᠬᠢᠷᠳᠤᠯ ᠦᠭᠡᠢ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠦᠷᠭᠦᠯᠵᠢᠯᠡᠬᠦ ᠦᠢᠯᠡᠳᠪᠦᠷᠢᠯᠡᠯ | ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ᠃ ᠣᠷᠣᠨ ᠪᠦᠰᠡ ᠠᠯᠤᠰᠯᠠᠨ ᠪᠣᠬᠢᠷᠳᠤᠯ ᠢ ᠭᠠᠳᠠᠭᠰᠢᠯᠠᠭᠤᠯᠬᠤ ᠡᠷᠬᠡ ᠶᠢᠨ | ᠠᠷᠠᠯᠵᠢᠶᠠᠨ ᠤ ᠳᠦᠷᠢᠮ ᠢ ᠪᠠᠶᠢᠭᠤᠯᠵᠤ᠂ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠢᠳᠡᠪᠬᠢᠲᠡᠢ ᠯᠠᠪᠳᠠᠭᠤᠨ ᠠᠬᠢᠭᠤᠯᠬᠤ ᠬᠡᠷᠡᠭᠲᠡᠢ᠃ ᠰᠢᠨ᠎ᠡ ᠮᠠᠶ᠋ᠢᠭ ᠤᠨ ᠡᠨᠧᠷᠭᠢ ᠶᠢᠨ ᠰᠢᠰᠲ᠋ᠧᠮ ᠢ ᠲᠥᠯᠥᠪᠵᠢᠭᠦᠯᠦᠨ ᠪᠠᠶᠢᠭᠤᠯᠵᠤ᠂ ᠮᠤᠵᠢ | ᠬᠤᠳᠠ ᠶᠢᠨ ᠬᠤᠭᠤᠷᠣᠨᠳᠣᠭᠢ ᠴᠠᠭᠢᠯᠭᠠᠨ ᠬᠦᠴᠦᠨ ᠤ ᠬᠠᠷᠢᠯᠴᠠᠨ ᠲᠤᠰᠠᠯᠠᠯᠴᠠᠬᠤ ᠶᠢ ᠵᠣᠬᠢᠴᠠᠭᠤᠯᠤᠨ ᠠᠬᠢᠭᠤᠯᠬᠤ ᠬᠡᠷᠡᠭᠲᠡᠢ᠃ ᠬᠥᠬᠡᠮᠥ᠋ᠷᠡᠨ ᠤ ︽ᠵᠢᠭᠠᠰᠤ | ᠠᠩᠨᠠᠬᠤ ᠶᠢ ᠠᠷᠪᠠᠨ ᠵᠢᠯ ᠴᠠᠭᠠᠵᠠᠯᠠᠬᠤ︾ ᠶᠢ ᠦᠷᠭᠦᠯᠵᠢᠯᠡᠨ ᠠᠬᠢᠭᠤᠯᠵᠤ᠂ ᠬᠤᠯᠪᠤᠭᠠᠯᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠬᠤ ᠬᠡᠷᠡᠭᠲᠡᠢ᠃ ᠠᠮᠢ | ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠪᠦᠷᠢᠨᠰᠢᠭᠦᠯᠵᠦ᠂ ᠠᠮᠢ ᠠᠬᠤᠢ ᠶᠢᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ | ᠬᠤᠪᠢᠷᠠᠭᠤᠯᠬᠤ ᠠᠷᠭ᠎ᠠ ᠵᠠᠮ ᠢ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠠᠮᠤᠷ ᠲᠦᠪᠰᠢᠨ ᠢᠶᠠᠷ ᠬᠥᠭᠵᠢᠭᠦᠯᠬᠦ ᠴᠢᠳᠠᠪᠤᠷᠢ ᠪᠠᠨ ᠬᠦᠴᠦᠯᠡᠨ | ᠳᠡᠭᠡᠭᠰᠢᠯᠡᠭᠦᠯᠭᠦ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ | ᠂ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠤᠯᠤᠰ ᠪᠠ ᠣᠷᠣᠨ ᠪᠦᠰᠡ ᠶᠢᠨ ᠠᠮᠤᠷ ᠲᠦᠪᠰᠢᠨ ᠳᠤ ᠬᠤᠯᠪᠣᠭᠳᠠᠬᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠰ᠂ ᠮᠥᠩᠭᠦᠨ ᠭᠦᠢᠯᠭᠡᠭᠡᠨ ᠵᠡᠷᠭᠡ ᠬᠦᠷᠢᠶ᠎ᠡ ᠪᠠ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢ ᠨᠢᠭᠲᠠ | ᠠᠩᠬᠠᠷᠴᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠤᠷ ᠲᠦᠪᠰᠢᠨ | ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠠᠵᠤ ᠦᠢᠯᠡᠰ ᠤᠨ ᠰᠢᠰᠲ᠋ᠧᠮ ᠪᠦᠷᠢᠨ ᠲᠡᠭᠦᠯᠳᠡᠷ ᠪᠠᠶᠢᠬᠤ ᠪᠠ | ᠢᠵᠢ ᠪᠦᠷᠢᠳᠦᠭᠦᠯᠬᠦ ᠴᠢᠳᠠᠪᠤᠷᠢ ᠴᠢᠩᠭ᠎ᠠ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠯᠤᠰ ᠤᠨ ᠠᠵᠤ ᠠᠬᠤᠢ ᠠᠮᠢᠳᠤᠷᠠᠯ ᠳᠤ ᠬᠤᠯᠪᠣᠭᠳᠠᠬᠤ ᠴᠢᠬᠤᠯᠠ | ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠠᠬᠢ ᠬᠡᠯᠬᠢᠶ᠎ᠡ ᠶᠢ ᠴᠢᠩᠭᠠᠳᠬᠠᠵᠤ ᠬᠡᠯᠬᠢᠶ᠎ᠡ ᠶᠢ ᠨᠥᠬᠦᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠬᠦ ᠶᠢᠨ ᠬᠠᠮᠲᠤ ᠳᠤᠮᠳᠠ | ᠪᠠᠷᠠᠭᠤᠨ ᠣᠷᠣᠨ ᠲᠠᠢ ᠠᠵᠤ ᠦᠢᠯᠡᠰ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠷᠢᠮᠠᠬᠠᠢ ᠴᠢᠨᠠᠷ | ᠪᠠ ᠠᠮᠤᠷ ᠲᠦᠪᠰᠢᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠮᠥᠩᠭᠦᠨ ᠭᠦᠢᠯᠭᠡᠭᠡᠨ ᠤ ᠬᠦᠷᠢᠶᠡᠨ ᠤ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ | ᠯᠠᠪᠳᠠᠭᠤᠨ ᠢᠶᠠᠷ ᠥᠷᠭᠡᠳᠬᠡᠵᠦ᠂ ᠬᠢᠯᠢ ᠠᠯᠤᠰᠯᠠᠭᠰᠠᠨ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ ᠶᠢᠨ ᠳᠥᠳᠡᠴᠢᠯᠡᠯᠲᠡ ᠶᠢ ᠳᠡᠭᠡᠭᠰᠢᠯᠡᠭᠦᠯᠵᠦ᠂ ᠪᠦᠭᠦ | ᠶᠠᠪᠤᠴᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠤᠯᠤᠰ ᠤᠨ ᠮᠥᠩᠭᠦᠨ ᠭᠦᠢᠯᠭᠡᠭᠡᠨ ᠤ ᠠᠮᠤᠷ ᠲᠦᠪᠰᠢᠨ ᠢ ᠨᠡᠩ ᠰᠠᠶᠢᠲᠤᠷ | ᠬᠠᠮᠠᠭᠠᠯᠠᠬᠤ ᠬᠡᠷᠡᠭᠲᠡᠢ᠃ ᠭᠠᠳᠠᠭᠠᠳᠤ ᠯᠤᠭ᠎ᠠ ᠶᠢᠨ ᠬᠠᠮᠲᠤᠷᠠᠯᠴᠠᠭᠠᠨ ᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠦᠢᠯᠡᠰ ᠤᠨ | ᠬᠡᠯᠬᠢᠶ᠎ᠡ ᠶᠢᠨ ᠵᠦᠢ ᠵᠣᠬᠢᠰᠲᠠᠢ ᠡᠮᠬᠢ ᠳᠢᠭᠯᠢᠮ ᠲᠠᠢ ᠬᠢᠯᠢ ᠠᠯᠤᠰᠯᠠᠭᠰᠠᠨ ᠪᠠᠶᠢᠷᠢᠰᠢᠭᠤᠯᠤᠯᠲᠠ ᠶᠢ ᠬᠥᠲᠥᠯᠥᠨ ᠳᠠᠭᠠᠭᠤᠯᠬᠤ ᠬᠡᠷᠡᠭᠲᠡᠢ᠃ ᠠᠷᠠᠳ ᠲᠦᠮᠡᠨ ᠤ | ᠬᠤᠳᠠ ᠪᠠᠨ ᠠᠷᠠᠳ ᠲᠦᠮᠡᠨ ᠪᠠᠶᠢᠭᠤᠯᠬᠤ ᠶᠢ ᠪᠠᠷᠢᠮᠲᠠᠯᠠᠵᠤ᠂ ᠬᠤᠳᠠ ᠶᠢᠨ ᠣᠳᠣᠬᠢᠴᠢᠯᠠᠭᠰᠠᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠠᠷᠢᠮᠠᠬᠠᠢ | ᠬᠤᠳᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠳᠠ ᠶᠢᠨ ᠠᠮᠤᠷ ᠲᠦᠪᠰᠢᠨ ᠤ ᠤᠷᠢᠳᠴᠢᠯᠠᠨ ᠰᠡᠷᠭᠡᠶᠢᠯᠡᠬᠦ ᠰᠢᠰᠲ᠋ᠧᠮ ᠢ | ᠪᠦᠷᠢᠨᠰᠢᠭᠦᠯᠵᠦ᠂ ᠬᠤᠳᠠ ᠶᠢᠨ ᠦᠨᠳᠦᠰᠦᠨ ᠠᠵᠢᠯᠯᠠᠭᠠᠨ ᠤ ᠪᠠᠲᠤᠯᠠᠭ᠎ᠠ ᠶᠢᠨ ᠰᠢᠰᠲ᠋ᠧᠮ ᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠬᠤ ᠳᠤ ᠡᠷᠬᠡᠪᠰᠢ ᠨᠠᠮ ᠤᠨ ᠪᠦᠭᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠢ᠃ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ | ᠳᠤᠭᠤᠶᠢᠯᠠᠩ ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ ᠲᠥᠯᠦᠪᠵᠢᠭᠦᠯᠭᠡ ᠶᠢᠨ ᠬᠥᠲᠥᠯᠪᠦᠷᠢ ᠶᠢᠨ | ᠪᠠᠶᠢᠯᠳᠤᠬᠤ ᠪᠣᠳᠣᠯᠭ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠷᠢᠮᠲᠠᠯᠠᠬᠤ ᠬᠡᠷᠡᠭᠲᠡᠢ᠃ ᠭᠤᠷᠪᠠᠨ ᠮᠤᠵᠢ ᠨᠢᠭᠡ ᠬᠤᠳᠠ ᠶᠢᠨ ᠬᠢᠨ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠ ᠪᠠᠶᠢᠴᠠᠭᠠᠨ | ᠰᠤᠳᠤᠯᠤᠯᠲᠠ ᠬᠢᠬᠦ ᠪᠠᠨ ᠴᠢᠩᠭᠠᠳᠬᠠᠵᠤ᠂ ᠵᠣᠬᠢᠴᠠᠭᠤᠯᠤᠨ ᠬᠠᠮᠲᠤ ᠪᠠᠷ ᠵᠥᠪᠳᠡᠯᠴᠡᠬᠦ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠴᠢᠬᠤᠯᠠ ᠶᠡᠭᠡ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠴᠢᠬᠤᠯᠠ ᠶᠡᠭᠡ ᠥᠭᠡᠷᠡᠴᠢᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠤᠣᠯᠳᠠᠯᠭ᠎ᠠ ᠲᠠᠢ | ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ | ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ ᠤᠨ ᠵᠣᠷᠢᠭᠲᠠᠢ ᠪᠠᠷ ᠵᠠᠮ ᠨᠡᠭᠡᠭᠡᠨ᠂ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠪᠣᠳᠠᠲᠠᠢ ᠠᠳᠬᠤᠵᠤ᠂ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ | ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠦᠢᠯᠡᠳᠦᠯ ᠴᠢᠳᠠᠪᠤᠷᠢ | ᠪᠣᠯᠣᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠴᠢᠳᠠᠪᠤᠷᠢ ᠶᠢ ᠴᠢᠩᠭᠠᠳᠬᠠᠵᠤ᠂ ᠴᠢᠩᠭ᠎ᠠ ᠰᠠᠬᠢᠯᠭ᠎ᠠ ᠪᠠᠲᠤ᠂ ᠪᠣᠳᠠᠲᠠᠢ ᠪᠠᠶᠢᠬᠤ ᠬᠡᠪ ᠰᠤᠷᠲᠠᠯ᠂ ᠠᠷᠢᠭᠤᠨ | ᠴᠢᠬᠡᠴᠢ ᠶᠢᠨ ᠪᠠᠷᠢᠮᠲᠠᠯᠠᠯ ᠢᠶᠠᠷ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠤᠯᠤᠰ ᠤᠨ | ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠵᠤ ᠪᠠᠶᠢᠷᠢ ᠲᠣᠭᠲᠠᠭᠠᠯᠲᠠ ᠬᠢᠵᠦ ᠪᠣᠳᠣᠯᠬᠢᠯᠠᠨ᠂ ᠪᠦᠭᠦ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ | ᠳᠠᠭᠠᠭᠤᠯᠵᠤ ᠳᠠᠶᠢᠴᠢᠯᠠᠬᠤ ᠳᠡᠭᠡᠷ᠎ᠡ ᠲᠠᠯᠪᠢᠵᠤ ᠪᠠᠶᠢᠷᠢᠯᠠᠭᠤᠯᠤᠨ ᠲᠥᠯᠥᠪᠵᠢᠭᠦᠯᠵᠦ᠂ ᠠᠵᠤ ᠠᠬᠤᠢ ᠶᠢᠨ ᠥᠰᠦᠯᠲᠡ ᠶᠢᠨ ᠲᠦᠢᠯ᠂ ᠬᠥᠳᠡᠯᠭᠡᠬᠦ ᠬᠦᠴᠦᠨ ᠤ ᠡᠬᠢ᠂ | ᠥᠭᠡᠷᠡᠴᠢᠯᠡᠯᠲᠡ ᠶᠢᠨ ᠲᠤᠷᠰᠢᠯᠲᠠ ᠶᠢᠨ ᠲᠠᠷᠢᠶ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠨᠡᠩ | ᠰᠠᠶᠢᠲᠤᠷ ᠲᠤᠯᠭᠠᠭᠤᠷᠢᠯᠠᠬᠤ ᠪᠠ ᠦᠢᠯᠡᠴᠢᠯᠡᠬᠦ ᠬᠡᠷᠡᠭᠲᠡᠢ᠃ ᠠᠵᠤ ᠠᠬᠤᠢ ᠶᠢᠨ ᠡᠷᠭᠢᠯᠲᠡ ᠶᠢ ᠤᠯᠠᠮ ᠰᠢᠯᠤᠭᠤᠳᠬᠠᠵᠤ᠂ ᠡᠬᠢ ᠪᠠᠶᠠᠯᠢᠭ ᠤᠨ ᠡᠯᠧᠮᠧᠨ᠋ᠲ ᠢ ᠵᠦᠢ | ᠵᠣᠬᠢᠰᠲᠠᠢ ᠰᠢᠯᠵᠢᠭᠦᠯᠬᠦ ᠪᠠ ᠥᠨᠳᠥᠷ ᠪᠦᠲᠦᠮᠵᠢᠲᠡᠢ ᠵᠣᠬᠢᠴᠠᠭᠤᠯᠬᠤ ᠶᠢ ᠪᠡᠶᠡᠯᠡᠭᠦᠯᠵᠦ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ | ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠰ ᠪᠠ ᠠᠵᠤ ᠠᠬᠤᠢ ᠶᠢᠨ ᠵᠦᠢ ᠵᠣᠬᠢᠰᠲᠠᠢ ᠪᠠᠶᠢᠷᠢᠯᠠᠭᠤᠯᠤᠯᠲᠠ ᠶᠢ ᠬᠥᠲᠥᠯᠥᠨ ᠵᠢᠯᠤᠭᠤᠳᠬᠤ ᠬᠡᠷᠡᠭᠲᠡᠢ᠃ ᠥᠨᠳᠥᠷ | ᠪᠠᠷᠢᠮᠵᠢᠶᠠᠲᠤ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ | ᠥᠷᠭᠡᠳᠬᠡᠨ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠬᠠᠭᠠᠯᠭ᠎ᠠ ᠶᠢ ᠴᠣᠭᠴᠠᠯᠠᠵᠤ᠂ ᠤᠯᠠᠨ ᠤᠯᠤᠰ ᠤᠨ ᠲᠠᠸᠠᠷ ᠪᠣᠯᠣᠨ ᠡᠬᠢ ᠪᠠᠶᠠᠯᠢᠭ ᠤᠨ | ᠡᠯᠧᠮᠧᠨ᠋ᠲ ᠲᠠᠬᠢ ᠲᠠᠲᠠᠬᠤ ᠬᠦᠴᠦᠨ ᠢᠶᠠᠨ ᠴᠢᠩᠭᠠᠳᠬᠠᠬᠤ ᠬᠡᠷᠡᠭᠲᠡᠢ᠃ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠣᠨᠴᠠᠯᠢᠭ ᠢᠶᠠᠨ ᠢᠯᠡᠷᠡᠭᠦᠯᠵᠦ᠂ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠷᠢᠯᠴᠠᠨ ᠬᠦᠴᠦᠨ ᠴᠢᠳᠠᠯ ᠣᠯᠭᠤᠵᠤ᠂ ᠡᠯ᠎ᠡ ᠭᠠᠵᠠᠷ ᠤᠨ ᠲᠤᠰ ᠪᠡᠶ᠎ᠡ ᠶᠢᠨ ᠳᠠᠪᠠᠭᠤᠯᠢᠭ ᠢᠶᠠᠨ ᠣᠷᠣᠨ ᠪᠦᠰᠡ ᠶᠢᠨ | ᠳᠠᠪᠠᠭᠤᠯᠢᠭ ᠪᠣᠯᠭᠠᠨ ᠬᠤᠪᠢᠷᠠᠭᠤᠯᠵᠤ᠂ ᠳᠠᠪᠠᠭᠤᠯᠢᠭ ᠲᠠᠯ᠎ᠠ ᠪᠠᠨ ᠬᠠᠮᠲᠤ ᠪᠠᠷ ᠪᠠᠳᠠᠷᠠᠭᠤᠯᠵᠤ ᠣᠷᠣᠨ ᠪᠦᠰᠡ ᠶᠢᠨ ᠬᠥᠭᠵᠢᠯᠲᠡ ᠶᠢᠨ ᠪᠦᠬᠦᠯᠢ ᠴᠣᠭᠴᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠢᠯᠡᠳᠬᠡᠪᠡ᠃ | ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ | ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠭᠠᠵᠠᠷ ᠣᠷᠣᠨ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ | ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃ | | |