ᠤᠲᠤᠭ ᠤᠨ ᠡᠮᠦᠨᠡᠲᠦ ᠬᠤᠰᠢᠭᠤᠨ ᠤ ᠨᠠᠩᠰᠤ ᠪᠠᠯᠭᠠᠰᠤ ᠶᠢᠨ ᠨᠠᠩᠰᠤ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠡᠨᠡ ᠡᠪᠦᠯ ᠪᠤᠬᠢᠷᠳᠤᠯ ᠦᠭᠡᠢ ᠡᠨᠧᠷᠬᠢ | ᠶᠢᠨ ᠳᠤᠯᠠᠭᠠᠯᠠᠭ᠎ᠠ ᠪᠠᠷ ᠳᠤᠯᠠᠭᠠᠨ ᠲᠠᠪᠠᠲᠠᠢ ᠡᠪᠦᠯᠵᠢᠨ᠎ᠡ᠃ | | | ᠰᠤᠷᠪᠤᠯᠵᠢᠯᠠᠭᠴᠢ ᠨᠠᠩᠰᠤ ᠪᠠᠯᠭᠠᠰᠤ ᠶᠢᠨ ᠨᠠᠩᠰᠤ ᠨᠡᠶᠢᠬᠡᠮ ᠲᠤᠭᠤᠷᠢᠭ ᠲᠤ ᠬᠦᠷᠬᠦ ᠳᠤ ᠠᠳᠡᠬᠢ ᠬᠦᠮᠦᠰ ᠪᠤᠬᠢᠷᠳᠤᠯ ᠦᠭᠡᠢ ᠨᠡᠧᠷᠬᠢ ᠶᠢᠨ ᠳᠤᠯᠠᠭᠠᠯᠠᠭ᠎ᠠ ᠶᠢᠨ | ᠠᠰᠢᠭ ᠢ ᠬᠦᠷᠲᠡᠭᠡᠳ ᠲᠤᠩ ᠪᠠᠶᠠᠷᠯᠠᠵᠠᠭᠠᠵᠤ ᠪᠠᠶᠢᠯ᠎ᠠ᠃ ︽ᠡᠨᠡ ᠵᠢᠯ ᠮᠠᠨ ᠤ ᠬᠢᠨ ᠨᠠᠷᠠᠨ ᠤ ᠡᠨᠧᠷᠬᠢ ᠶᠢᠨ ᠢᠯᠴᠢ ᠶᠢᠨ ᠬᠦᠭᠡᠷᠭᠡ ᠤᠭᠰᠠᠷᠠᠵᠤ᠂ ᠠᠭᠠᠷ ᠤᠨ | ᠳᠤᠯᠠᠭᠠᠨ ᠤ ᠪᠠᠶᠢᠳᠠᠯ ᠢ ᠦᠨᠳᠦᠰᠦᠯᠡᠵᠤ ᠪᠠᠶᠢᠭᠠᠳ ᠭᠡᠷ ᠲᠤᠲᠤᠷᠠᠬᠢ ᠳᠤᠯᠠᠭᠠᠨ ᠤ ᠬᠡᠮᠵᠢᠶ᠎ᠡ ᠶᠢ ᠥᠪᠡᠷ ᠢᠶᠠᠨ ᠲᠤᠬᠢᠷᠠᠭᠤᠯᠵᠤ ᠪᠤᠯᠤᠨ᠎ᠠ᠂ ᠬᠡᠷᠪᠡ ᠭᠠᠳᠠᠭᠰᠢ | ᠭᠠᠷᠪᠠᠯ ᠭᠠᠷ ᠤᠲᠠᠰᠤᠨ ᠤ ᠠᠯᠤᠰ ᠡᠵᠡᠮᠰᠢᠯ ᠢᠶᠠᠷ ᠭᠡᠷ ᠤᠨ ᠳᠤᠯᠠᠭᠠᠨ ᠢ ᠡᠵᠡᠮᠳᠡᠵᠤ ᠪᠤᠯᠳᠠᠭ᠃ ᠤᠳᠤ ᠰᠥᠨᠢ ᠳᠦᠯᠢ ᠪᠠᠷ ᠪᠤᠰᠴᠦ ᠨᠠᠭᠦᠷᠡᠰᠦ ᠲᠦᠯᠡᠬᠦ ᠬᠡᠷᠡᠭ | ᠦᠭᠡᠢ᠂ ᠴᠠᠭ ᠬᠦᠴᠦ ᠶᠢ ᠠᠷᠪᠢᠯᠠᠭᠰᠠᠨ ᠮᠥᠷᠲᠡᠭᠡᠨ ᠦᠨᠡᠰᠦ ᠲᠤᠭᠤᠰᠤ ᠴᠦ ᠪᠤᠲᠠᠷᠠᠬᠤ ᠦᠭᠡᠢ᠂ ᠨᠠᠮ ᠵᠠᠰᠠᠭ ᠠᠴᠠ ᠪᠠᠰᠠ ᠪᠢᠳᠠᠨ ᠳᠤ ᠨᠥᠬᠦᠪᠦᠷᠢ ᠮᠥᠩᠬᠦ | ᠥᠭᠴᠦ ᠪᠠᠶᠢᠨ᠎ᠠ︾ ᠭᠡᠵᠤ ᠨᠠᠩᠰᠤ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠡᠦ ᠶᠠᠨ ᠤᠷᠮ᠎ᠠ ᠲᠠᠢ ᠶᠠᠷᠢᠵᠤ ᠪᠠᠶᠢᠯ᠎ᠠ᠃ | ᠪᠤᠬᠢᠷᠳᠤᠯ ᠦᠭᠡᠢ ᠡᠨᠧᠷᠬᠢ ᠶᠢᠨ ᠲᠥᠷᠥᠯ ᠵᠦᠢᠯ ᠨᠢ ᠮᠠᠯᠴᠢᠠ ᠲᠠᠷᠢᠶᠠᠴᠢᠳ ᠤᠨ ᠳᠤᠯᠠᠭᠠᠯᠠᠭ᠎ᠠ ᠶᠢᠨ ᠨᠥᠬᠦᠴᠡᠯ ᠢ ᠰᠠᠶᠢᠵᠢᠷᠠᠭᠤᠯᠬᠤ᠂ ᠬᠥᠳᠡᠭᠡ ᠲᠤᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠡᠨᠡ ᠬᠦ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠠᠶᠢᠲᠤᠷ | ᠬᠢᠵᠤ ᠪᠤᠳᠠᠲᠠᠢ ᠬᠢᠬᠦ ᠶᠢᠨ ᠲᠥᠯᠥᠭᠡ᠂ ᠨᠠᠩᠰᠤ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ | ᠠᠬᠢᠴᠠ ᠶᠢ ᠠᠩᠬᠠᠷᠴᠦ᠂ ᠦᠷ᠎ᠡ ᠪᠦᠲᠦᠮᠵᠢ ᠶᠢ ᠴᠢᠬᠤᠯᠠᠴᠢᠯᠠᠨ᠂ ᠠᠵᠢᠯ ᠤᠨ ᠲᠤᠰᠬᠠᠢ ᠠᠩᠬᠢ ᠨᠢ ᠴᠠᠭ ᠲᠤᠬᠠᠢ ᠳᠤᠨᠢ ᠡᠵᠡᠮᠳᠡᠵᠤ᠂ ᠠᠰᠠᠭᠤᠳᠠᠯ ᠪᠠ | ᠬᠦᠴᠢᠷᠳᠡᠯ ᠢ ᠰᠢᠢᠳᠪᠦᠷᠢᠯᠡᠨ᠂ ᠢᠨᠵᠧᠨᠧᠷᠢᠩ ᠤᠨ ᠬᠡᠷᠡᠭᠵᠢᠭᠦᠯᠥᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠭᠰᠠᠨ ᠪᠠᠶᠢᠨ᠎ᠠ᠃ | ᠨᠠᠩᠰᠤ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠬᠡᠰᠢᠭᠦᠨ ᠪᠤᠶᠠᠨᠳᠤ ︽ᠳᠠᠷᠠᠭᠠᠴᠢ ᠶᠢᠨ ᠠᠯᠬᠤᠮ ᠳᠤ ᠪᠢᠳᠠ ᠪᠤᠬᠢᠷᠳᠤᠯ ᠦᠭᠡᠢ | ᠡᠨᠧᠷᠬᠢ ᠶᠢᠨ ᠳᠤᠯᠠᠭᠠᠯᠠᠭ᠎ᠠ ᠶᠢ ᠦᠷᠭᠦᠯᠵᠢᠯᠡᠨ ᠰᠠᠶᠢᠲᠤᠷ ᠤᠬᠠᠭᠤᠯᠤᠨ ᠬᠡᠷᠡᠭᠵᠢᠭᠦᠯᠵᠤ᠂ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠲᠤ ᠠᠰᠢᠭ ᠬᠦᠷᠲᠡᠭᠡᠵᠤ᠂ | ᠳᠤᠯᠠᠭᠠᠨ ᠡᠪᠦᠯᠵᠢᠬᠦ ᠶᠢ ᠪᠠᠲᠤᠯᠠᠨ᠎ᠠ︾ ᠭᠡᠵᠤ ᠪᠠᠶᠢᠯ᠎ᠠ᠃ | | | | | | | | | | | |