ᠡᠨᠡ ᠵᠢᠯ ᠠᠴᠠ ᠨᠠᠭᠠᠰᠢ᠂ ᠬᠠᠩᠬᠢᠨ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠡᠭᠦᠷᠭᠡ ᠬᠠᠷᠢᠭᠤᠴᠠᠯᠭ᠎ᠠ ᠪᠠᠨ ᠤᠯᠠᠮ | ᠨᠢᠭᠡ ᠠᠯᠬᠤᠮ ᠴᠢᠩᠭᠠᠳᠬᠠᠵᠤ᠂ ᠲᠡᠷᠢᠭᠦᠨ ᠤ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ ᠪᠤᠢ ᠪᠤᠯᠭᠠᠬᠤ ᠶᠢ ᠠᠵᠢᠯ ᠤᠨ ᠭᠤᠤᠯᠳᠠᠯᠭ᠎ᠠ ᠪᠠᠨ | ᠪᠤᠯᠭᠠᠵᠤ᠂ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢᠨ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠤ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ | ᠪᠠᠨ ᠥᠷᠭᠡᠳᠬᠡᠨ᠂ ᠤᠯᠠᠨ ᠲᠥᠷᠥᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ ᠪᠦᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠨᠡᠮᠡᠷᠢᠯᠡᠵᠤ ᠪᠠᠶᠢᠨ᠎ᠠ᠃ | ᠬᠠᠤᠯᠢ ᠪᠠᠷ ᠵᠠᠰᠠᠬᠤ ᠦᠢᠯᠡᠴᠢᠯᠡᠭᠡ ᠪᠠ ᠬᠠᠤᠯᠢ ᠪᠠᠷ ᠵᠠᠰᠠᠬᠤ ᠪᠠᠲᠤᠯᠠᠭ᠎ᠠ ᠪᠠᠷ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ | ᠺᠤᠮᠫᠠᠨᠢ ᠠᠵᠤ ᠠᠬᠤᠶᠢᠯᠠᠯ ᠤᠳ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠯᠡᠭᠡᠨ ᠤ ᠭᠠᠵᠠᠷ ᠤᠨ ᠲᠥᠯᠥᠪᠯᠡᠯᠭᠡ ᠶᠢᠨ ᠵᠥᠪᠰᠢᠶᠡᠷᠡᠯ ᠤᠨ | ᠦᠨᠡᠮᠯᠡᠯ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠤᠨ ᠲᠥᠯᠥᠪᠯᠡᠭᠡ ᠶᠢᠨ ᠵᠥᠪᠰᠢᠶᠡᠷᠡᠯ ᠤᠨ ᠦᠨᠡᠮᠯᠡᠯ᠂ ᠭᠠᠵᠠᠷ ᠰᠢᠷᠤᠢ ᠶᠢᠨ ᠥᠯᠥ ᠬᠦᠳᠡᠯᠬᠦ ᠬᠥᠷᠦᠩᠭᠡ ᠶᠢᠨ | ᠦᠨᠡᠮᠯᠡᠯ ᠵᠡᠷᠭᠡ ᠭᠠᠷ ᠭᠦᠢᠴᠡᠳᠬᠡᠯ ᠢ ᠨᠢᠭᠡ ᠡᠳᠦᠷ ᠲᠤ ᠰᠢᠢᠳᠪᠦᠷᠢᠯᠡᠨ ᠳᠠᠭᠤᠰᠬᠠᠬᠤ ᠶᠢ ᠪᠡᠶᠡᠯᠡᠭᠦᠯᠵᠤ᠂ ᠠᠵᠤ ᠠᠬᠤᠶᠢᠯᠠᠯ ᠤᠨ ᠡᠷᠲᠡ ᠪᠦᠲᠦᠭᠡᠨ ᠪᠠᠶᠢᠭᠤᠯᠬᠤ᠂ | ᠡᠷᠲᠡ ᠠᠰᠢᠭᠯᠠᠯᠲᠠ ᠳᠤ ᠤᠷᠤᠭᠤᠯᠬᠤ᠂ ᠡᠷᠲᠡ ᠨᠤᠲᠤᠭᠰᠢᠬᠤ ᠳᠤ ᠳᠥᠬᠦᠮ ᠦᠢᠯᠡᠴᠢᠯᠡᠭᠡ ᠬᠠᠩᠭᠠᠭᠰᠠᠨ ᠪᠠᠶᠢᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠰᠢᠯᠢᠳᠡᠭᠵᠢᠭᠦᠯᠦᠨ᠂ ︽ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠷᠦᠭᠡ ᠠᠮᠠ ᠶᠢᠨ ᠶᠠᠪᠤᠳᠠᠯ ᠤᠨ ᠲᠤᠬᠠᠶᠢᠯᠠᠭᠰᠠᠨ ᠠᠵᠢᠯ ᠤᠨ ︿ᠶᠡᠷᠦᠩᠬᠡᠶᠢᠯᠡᠭᠰᠡᠨ | ᠦᠢᠯᠡᠴᠢᠯᠡᠭᠡ﹀ ᠢ ᠪᠦᠬᠦ ᠬᠤᠰᠢᠭᠤᠨ ᠳᠤ ᠨᠡᠪᠲᠡᠷᠡᠭᠦᠯᠵᠤ᠂ ᠤᠯᠠᠨ ᠲᠦᠮᠡᠨ ᠤ ᠡᠷᠦᠭᠡ ᠠᠮᠠ ᠶᠢᠨ ᠳᠠᠩᠰᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ | ᠳᠥᠬᠦᠮ ᠦᠭᠡᠢ ᠪᠠᠶᠢᠳᠠᠯ ᠢ ᠲᠤᠶᠢᠯᠪᠤᠷᠢᠲᠠᠢ ᠰᠢᠢᠳᠪᠦᠷᠢᠯᠡᠵᠡᠢ᠃ | ᠬᠠᠩᠬᠢᠨ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠡᠷᠡᠭᠵᠢᠭᠦᠯᠦᠭᠰᠡᠨ ᠤᠯᠠᠨ ᠲᠥᠷᠥᠯ ᠤᠨ ᠠᠷᠭ᠎ᠠ ᠬᠡᠮᠵᠢᠶ᠎ᠡ ᠨᠢ ᠬᠠᠤᠯᠢ | ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠵᠤ ᠬᠠᠤᠯᠢ ᠶᠢ ᠲᠥᠭᠡᠮᠡᠯᠵᠢᠭᠦᠯᠬᠦ ᠵᠡᠷᠭᠡ ᠡᠯ᠎ᠡ ᠲᠠᠯ᠎ᠠ ᠠᠴᠠ ᠬᠦᠴᠦᠯᠡᠨ ᠴᠢᠷᠮᠠᠶᠢᠵᠤ᠂ ᠳᠤᠪᠤᠶᠢᠮ᠎ᠠ ᠠᠰᠠᠭᠤᠳᠠᠯ | ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠤ ᠠᠬᠤᠶᠢᠯᠠᠯ ᠳᠤ ᠬᠤᠯᠪᠤᠭᠳᠠᠭᠰᠠᠨ ᠲᠥᠷᠥ ᠶᠢᠨ ᠪᠤᠳᠤᠯᠭ᠎ᠠ ᠲᠤᠭᠲᠠᠭᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ | ᠶᠢ ᠰᠢᠯᠢᠳᠡᠭᠵᠢᠭᠦᠯᠬᠦ᠂ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ᠂ ᠵᠠᠬ᠎ᠠ ᠳᠡᠯᠭᠡᠭᠦᠷ ᠤᠨ ᠤᠷᠴᠢᠨ ᠠᠬᠤᠢ ᠶᠢ ᠡᠮᠬᠢ ᠲᠢᠭᠯᠢᠮ ᠲᠠᠢ | ᠪᠠᠶᠢᠯᠭᠠᠬᠤ᠂ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠤᠯᠠᠨ ᠳᠥᠷᠢᠮ ᠲᠤᠭᠲᠠᠭᠠᠯ ᠪᠠ ᠠᠷᠭ᠎ᠠ ᠬᠡᠮᠵᠢᠶ᠎ᠡ | ᠨᠦᠭᠦᠳ ᠢ ᠲᠤᠳᠤᠷᠬᠠᠶᠢᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠬᠤᠪᠢ ᠨᠡᠮᠡᠷᠢ ᠪᠠᠨ ᠦᠵᠡᠭᠦᠯᠵᠤ | ᠪᠤᠢ᠃ | |