ᠤᠯᠠᠨ ᠤ ᠲᠠᠭᠠᠰᠢᠶᠠᠯ ᠢ ᠬᠦᠷᠲᠡᠭᠰᠡᠨ ᠪᠦᠬᠢᠷᠳᠤᠯ ᠦᠭᠡᠢ ᠳᠤᠯᠠᠭᠠᠯᠠᠭ᠎ᠠ
ᠨᠡᠶᠢᠲᠡᠯᠡᠭᠰᠡᠨ ᠴᠠᠭ᠄
2023/12/25
    ᠤᠲᠤᠭ ᠤᠨ ᠡᠮᠦᠨᠡᠲᠦ ᠬᠤᠰᠢᠭᠤᠨ ᠤ ᠨᠠᠩᠰᠤ ᠪᠠᠯᠭᠠᠰᠤ ᠶᠢᠨ ᠨᠠᠩᠰᠤ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠡᠨᠡ ᠡᠪᠦᠯ ᠪᠤᠬᠢᠷᠳᠤᠯ ᠦᠭᠡᠢ ᠡᠨᠧᠷᠬᠢ  ᠶᠢᠨ ᠳᠤᠯᠠᠭᠠᠯᠠᠭ᠎ᠠ ᠪᠠᠷ ᠳᠤᠯᠠᠭᠠᠨ ᠲᠠᠪᠠᠲᠠᠢ ᠡᠪᠦᠯᠵᠢᠨ᠎ᠡ᠃
微信图片_20231225163446.jpg   
       ᠰᠤᠷᠪᠤᠯᠵᠢᠯᠠᠭᠴᠢ ᠨᠠᠩᠰᠤ ᠪᠠᠯᠭᠠᠰᠤ ᠶᠢᠨ ᠨᠠᠩᠰᠤ ᠨᠡᠶᠢᠬᠡᠮ ᠲᠤᠭᠤᠷᠢᠭ ᠲᠤ ᠬᠦᠷᠬᠦ ᠳᠤ ᠠᠳᠡᠬᠢ ᠬᠦᠮᠦᠰ ᠪᠤᠬᠢᠷᠳᠤᠯ ᠦᠭᠡᠢ ᠨᠡᠧᠷᠬᠢ ᠶᠢᠨ ᠳᠤᠯᠠᠭᠠᠯᠠᠭ᠎ᠠ ᠶᠢᠨ ᠠᠰᠢᠭ ᠢ ᠬᠦᠷᠲᠡᠭᠡᠳ ᠲᠤᠩ ᠪᠠᠶᠠᠷᠯᠠᠵᠠᠭᠠᠵᠤ ᠪᠠᠶᠢᠯ᠎ᠠ᠃ ︽ᠡᠨᠡ ᠵᠢᠯ ᠮᠠᠨ ᠤ ᠬᠢᠨ ᠨᠠᠷᠠᠨ ᠤ ᠡᠨᠧᠷᠬᠢ ᠶᠢᠨ ᠢᠯᠴᠢ ᠶᠢᠨ ᠬᠦᠭᠡᠷᠭᠡ ᠤᠭᠰᠠᠷᠠᠵᠤ᠂ ᠠᠭᠠᠷ ᠤᠨ ᠳᠤᠯᠠᠭᠠᠨ ᠤ ᠪᠠᠶᠢᠳᠠᠯ ᠢ ᠦᠨᠳᠦᠰᠦᠯᠡᠵᠤ ᠪᠠᠶᠢᠭᠠᠳ ᠭᠡᠷ ᠲᠤᠲᠤᠷᠠᠬᠢ ᠳᠤᠯᠠᠭᠠᠨ ᠤ ᠬᠡᠮᠵᠢᠶ᠎ᠡ ᠶᠢ ᠥᠪᠡᠷ ᠢᠶᠠᠨ ᠲᠤᠬᠢᠷᠠᠭᠤᠯᠵᠤ ᠪᠤᠯᠤᠨ᠎ᠠ᠂ ᠬᠡᠷᠪᠡ ᠭᠠᠳᠠᠭᠰᠢ ᠭᠠᠷᠪᠠᠯ ᠭᠠᠷ ᠤᠲᠠᠰᠤᠨ ᠤ ᠠᠯᠤᠰ ᠡᠵᠡᠮᠰᠢᠯ ᠢᠶᠠᠷ ᠭᠡᠷ ᠤᠨ ᠳᠤᠯᠠᠭᠠᠨ ᠢ ᠡᠵᠡᠮᠳᠡᠵᠤ ᠪᠤᠯᠳᠠᠭ᠃ ᠤᠳᠤ ᠰᠥᠨᠢ ᠳᠦᠯᠢ ᠪᠠᠷ ᠪᠤᠰᠴᠦ ᠨᠠᠭᠦᠷᠡᠰᠦ ᠲᠦᠯᠡᠬᠦ ᠬᠡᠷᠡᠭ ᠦᠭᠡᠢ᠂ ᠴᠠᠭ ᠬᠦᠴᠦ ᠶᠢ ᠠᠷᠪᠢᠯᠠᠭᠰᠠᠨ ᠮᠥᠷᠲᠡᠭᠡᠨ ᠦᠨᠡᠰᠦ ᠲᠤᠭᠤᠰᠤ ᠴᠦ ᠪᠤᠲᠠᠷᠠᠬᠤ ᠦᠭᠡᠢ᠂ ᠨᠠᠮ ᠵᠠᠰᠠᠭ ᠠᠴᠠ ᠪᠠᠰᠠ ᠪᠢᠳᠠᠨ ᠳᠤ ᠨᠥᠬᠦᠪᠦᠷᠢ ᠮᠥᠩᠬᠦ ᠥᠭᠴᠦ ᠪᠠᠶᠢᠨ᠎ᠠ︾ ᠭᠡᠵᠤ ᠨᠠᠩᠰᠤ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠡᠦ ᠶᠠᠨ ᠤᠷᠮ᠎ᠠ ᠲᠠᠢ ᠶᠠᠷᠢᠵᠤ ᠪᠠᠶᠢᠯ᠎ᠠ᠃    ᠪᠤᠬᠢᠷᠳᠤᠯ ᠦᠭᠡᠢ ᠡᠨᠧᠷᠬᠢ ᠶᠢᠨ ᠲᠥᠷᠥᠯ ᠵᠦᠢᠯ ᠨᠢ ᠮᠠᠯᠴᠢᠠ ᠲᠠᠷᠢᠶᠠᠴᠢᠳ ᠤᠨ ᠳᠤᠯᠠᠭᠠᠯᠠᠭ᠎ᠠ ᠶᠢᠨ ᠨᠥᠬᠦᠴᠡᠯ ᠢ ᠰᠠᠶᠢᠵᠢᠷᠠᠭᠤᠯᠬᠤ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃  ᠡᠨᠡ ᠬᠦ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠠᠶᠢᠲᠤᠷ ᠬᠢᠵᠤ ᠪᠤᠳᠠᠲᠠᠢ ᠬᠢᠬᠦ ᠶᠢᠨ ᠲᠥᠯᠥᠭᠡ᠂ ᠨᠠᠩᠰᠤ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠠᠬᠢᠴᠠ ᠶᠢ ᠠᠩᠬᠠᠷᠴᠦ᠂ ᠦᠷ᠎ᠡ ᠪᠦᠲᠦᠮᠵᠢ ᠶᠢ ᠴᠢᠬᠤᠯᠠᠴᠢᠯᠠᠨ᠂ ᠠᠵᠢᠯ ᠤᠨ ᠲᠤᠰᠬᠠᠢ ᠠᠩᠬᠢ ᠨᠢ ᠴᠠᠭ ᠲᠤᠬᠠᠢ ᠳᠤᠨᠢ ᠡᠵᠡᠮᠳᠡᠵᠤ᠂ ᠠᠰᠠᠭᠤᠳᠠᠯ ᠪᠠ ᠬᠦᠴᠢᠷᠳᠡᠯ ᠢ ᠰᠢᠢᠳᠪᠦᠷᠢᠯᠡᠨ᠂ ᠢᠨᠵᠧᠨᠧᠷᠢᠩ ᠤᠨ ᠬᠡᠷᠡᠭᠵᠢᠭᠦᠯᠥᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠭᠰᠠᠨ ᠪᠠᠶᠢᠨ᠎ᠠ᠃    ᠨᠠᠩᠰᠤ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠬᠡᠰᠢᠭᠦᠨ ᠪᠤᠶᠠᠨᠳᠤ ︽ᠳᠠᠷᠠᠭᠠᠴᠢ ᠶᠢᠨ ᠠᠯᠬᠤᠮ ᠳᠤ ᠪᠢᠳᠠ ᠪᠤᠬᠢᠷᠳᠤᠯ ᠦᠭᠡᠢ ᠡᠨᠧᠷᠬᠢ ᠶᠢᠨ ᠳᠤᠯᠠᠭᠠᠯᠠᠭ᠎ᠠ ᠶᠢ ᠦᠷᠭᠦᠯᠵᠢᠯᠡᠨ ᠰᠠᠶᠢᠲᠤᠷ ᠤᠬᠠᠭᠤᠯᠤᠨ ᠬᠡᠷᠡᠭᠵᠢᠭᠦᠯᠵᠤ᠂ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠲᠤ ᠠᠰᠢᠭ ᠬᠦᠷᠲᠡᠭᠡᠵᠤ᠂ ᠳᠤᠯᠠᠭᠠᠨ ᠡᠪᠦᠯᠵᠢᠬᠦ ᠶᠢ ᠪᠠᠲᠤᠯᠠᠨ᠎ᠠ︾ ᠭᠡᠵᠤ ᠪᠠᠶᠢᠯ᠎ᠠ᠃
 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ