ᠬᠠᠩᠬᠢᠨ ᠬᠤᠰᠢᠭᠤ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2023/12/25
     ᠡᠨᠡ ᠵᠢᠯ ᠠᠴᠠ ᠨᠠᠭᠠᠰᠢ᠂ ᠬᠠᠩᠬᠢᠨ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠡᠷᠢᠭᠦᠨ ᠤ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ ᠪᠤᠢ ᠪᠤᠯᠭᠠᠬᠤ ᠶᠢ ᠠᠵᠢᠯ ᠤᠨ ᠭᠤᠤᠯᠳᠠᠯᠭ᠎ᠠ ᠪᠠᠨ ᠪᠤᠯᠭᠠᠵᠤ᠂ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢᠨ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠤ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ  ᠪᠠᠨ ᠥᠷᠭᠡᠳᠬᠡᠨ᠂ ᠤᠯᠠᠨ ᠲᠥᠷᠥᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ ᠪᠦᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠤ ᠪᠠᠶᠢᠨ᠎ᠠ᠃    ᠬᠠᠤᠯᠢ ᠪᠠᠷ ᠵᠠᠰᠠᠬᠤ ᠦᠢᠯᠡᠴᠢᠯᠡᠭᠡ ᠪᠠ ᠬᠠᠤᠯᠢ ᠪᠠᠷ ᠵᠠᠰᠠᠬᠤ ᠪᠠᠲᠤᠯᠠᠭ᠎ᠠ ᠪᠠᠷ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ᠺᠤᠮᠫᠠᠨᠢ ᠠᠵᠤ ᠠᠬᠤᠶᠢᠯᠠᠯ ᠤᠳ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠯᠡᠭᠡᠨ ᠤ ᠭᠠᠵᠠᠷ ᠤᠨ ᠲᠥᠯᠥᠪᠯᠡᠯᠭᠡ ᠶᠢᠨ ᠵᠥᠪᠰᠢᠶᠡᠷᠡᠯ ᠤᠨ ᠦᠨᠡᠮᠯᠡᠯ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠤᠨ ᠲᠥᠯᠥᠪᠯᠡᠭᠡ ᠶᠢᠨ ᠵᠥᠪᠰᠢᠶᠡᠷᠡᠯ ᠤᠨ ᠦᠨᠡᠮᠯᠡᠯ᠂ ᠭᠠᠵᠠᠷ ᠰᠢᠷᠤᠢ ᠶᠢᠨ ᠥᠯᠥ ᠬᠦᠳᠡᠯᠬᠦ ᠬᠥᠷᠦᠩᠭᠡ ᠶᠢᠨ ᠦᠨᠡᠮᠯᠡᠯ ᠵᠡᠷᠭᠡ ᠭᠠᠷ ᠭᠦᠢᠴᠡᠳᠬᠡᠯ ᠢ ᠨᠢᠭᠡ ᠡᠳᠦᠷ ᠲᠤ ᠰᠢᠢᠳᠪᠦᠷᠢᠯᠡᠨ ᠳᠠᠭᠤᠰᠬᠠᠬᠤ ᠶᠢ ᠪᠡᠶᠡᠯᠡᠭᠦᠯᠵᠤ᠂ ᠠᠵᠤ ᠠᠬᠤᠶᠢᠯᠠᠯ ᠤᠨ ᠡᠷᠲᠡ ᠪᠦᠲᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠤᠷᠤᠭᠤᠯᠬᠤ᠂ ᠡᠷᠲᠡ ᠨᠤᠲᠤᠭᠰᠢᠬᠤ ᠳᠤ ᠳᠥᠬᠦᠮ ᠦᠢᠯᠡᠴᠢᠯᠡᠭᠡ ᠬᠠᠩᠭᠠᠭᠰᠠᠨ ᠪᠠᠶᠢᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ᠂ ︽ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠷᠦᠭᠡ ᠠᠮᠠ ᠶᠢᠨ ᠶᠠᠪᠤᠳᠠᠯ ᠤᠨ ᠲᠤᠬᠠᠶᠢᠯᠠᠭᠰᠠᠨ ᠠᠵᠢᠯ ᠤᠨ ︿ᠶᠡᠷᠦᠩᠬᠡᠶᠢᠯᠡᠭᠰᠡᠨ ᠦᠢᠯᠡᠴᠢᠯᠡᠭᠡ﹀ ᠢ ᠪᠦᠬᠦ ᠬᠤᠰᠢᠭᠤᠨ ᠳᠤ ᠨᠡᠪᠲᠡᠷᠡᠭᠦᠯᠵᠤ᠂ ᠤᠯᠠᠨ ᠲᠦᠮᠡᠨ ᠤ ᠡᠷᠦᠭᠡ ᠠᠮᠠ ᠶᠢᠨ ᠳᠠᠩᠰᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠳᠥᠬᠦᠮ ᠦᠭᠡᠢ ᠪᠠᠶᠢᠳᠠᠯ ᠢ ᠲᠤᠶᠢᠯᠪᠤᠷᠢᠲᠠᠢ ᠰᠢᠢᠳᠪᠦᠷᠢᠯᠡᠵᠡᠢ᠃    ᠬᠠᠩᠬᠢᠨ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠡᠷᠡᠭᠵᠢᠭᠦᠯᠦᠭᠰᠡᠨ ᠤᠯᠠᠨ ᠲᠥᠷᠥᠯ ᠤᠨ ᠠᠷᠭ᠎ᠠ ᠬᠡᠮᠵᠢᠶ᠎ᠡ ᠨᠢ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠵᠤ ᠬᠠᠤᠯᠢ ᠶᠢ ᠲᠥᠭᠡᠮᠡᠯᠵᠢᠭᠦᠯᠬᠦ ᠵᠡᠷᠭᠡ ᠡᠯ᠎ᠡ ᠲᠠᠯ᠎ᠠ ᠠᠴᠠ ᠬᠦᠴᠦᠯᠡᠨ ᠴᠢᠷᠮᠠᠶᠢᠵᠤ᠂ ᠳᠤᠪᠤᠶᠢᠮ᠎ᠠ ᠠᠰᠠᠭᠤᠳᠠᠯ  ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠤ ᠠᠬᠤᠶᠢᠯᠠᠯ ᠳᠤ ᠬᠤᠯᠪᠤᠭᠳᠠᠭᠰᠠᠨ ᠲᠥᠷᠥ ᠶᠢᠨ ᠪᠤᠳᠤᠯᠭ᠎ᠠ ᠲᠤᠭᠲᠠᠭᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ  ᠶᠢ ᠰᠢᠯᠢᠳᠡᠭᠵᠢᠭᠦᠯᠬᠦ᠂ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ᠂ ᠵᠠᠬ᠎ᠠ ᠳᠡᠯᠭᠡᠭᠦᠷ ᠤᠨ ᠤᠷᠴᠢᠨ ᠠᠬᠤᠢ ᠶᠢ ᠡᠮᠬᠢ ᠲᠢᠭᠯᠢᠮ ᠲᠠᠢ ᠪᠠᠶᠢᠯᠭᠠᠬᠤ᠂ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠤᠯᠠᠨ ᠳᠥᠷᠢᠮ ᠲᠤᠭᠲᠠᠭᠠᠯ ᠪᠠ ᠠᠷᠭ᠎ᠠ ᠬᠡᠮᠵᠢᠶ᠎ᠡ  ᠨᠦᠭᠦᠳ ᠢ ᠲᠤᠳᠤᠷᠬᠠᠶᠢᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠬᠤᠪᠢ ᠨᠡᠮᠡᠷᠢ ᠪᠠᠨ ᠦᠵᠡᠭᠦᠯᠵᠤ ᠪᠤᠢ᠃
ᠢᠷᠡᠯᠲᠡ᠄ ᠤᠷᠳᠤᠰ ᠤᠨ ᠡᠳᠦᠷ ᠤᠨ ᠰᠤᠨᠢᠨ