ᠦᠦᠰᠢᠨ ᠨᠤᠲᠤᠭ ᠤᠨ ᠤᠨᠴᠠ ᠭᠠᠷᠤᠯᠳᠠ ᠴᠢᠩᠳᠤᠤ ᠬᠤᠲᠠ ᠳᠤ ᠬᠦᠷᠦᠯ᠎ᠡ
ᠨᠡᠶᠢᠲᠡᠯᠡᠭᠰᠡᠨ ᠴᠠᠭ᠄
2023/12/28
      12 ᠰᠠᠷ᠎ᠠ ᠶᠢᠨ 27 ᠤ ᠡᠳᠦᠷ᠂ ︽ᠬᠠᠲᠤᠨ ᠭᠤᠤᠯ ᠤᠨ ᠤᠰᠤ ᠶᠢ ᠬᠠᠮᠲᠤ ᠪᠠᠷ ᠤᠤᠭᠤᠵᠤ᠂ ᠠᠭᠤᠯᠠ ᠤᠰᠤᠨ ᠤ ᠨᠠᠶᠢᠷ ᠰᠡᠳᠬᠢᠯᠭᠡ ᠶᠢ ᠬᠠᠮᠲᠤ ᠪᠠᠷ ᠴᠤᠭᠴᠠᠯᠠᠶ᠎ᠠ︾ ᠭᠡᠬᠦ ᠭᠤᠤᠯ ᠰᠡᠳᠦᠪᠲᠦ ᠦᠦᠰᠢᠨ ᠬᠤᠰᠢᠭᠤᠨ ᠤ ᠤᠨᠴᠠᠯᠢᠭᠲᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠦᠵᠡᠭᠦᠯᠭᠡ ᠱᠠᠨᠳᠦ᠋ᠩ ᠮᠤᠵᠢ ᠶᠢᠨ ᠴᠢᠩᠳᠥᠥ ᠬᠤᠲᠠ ᠳᠤ ᠶᠠᠪᠤᠭᠳᠠᠯ᠎ᠠ᠃      ᠴᠢᠪᠠᠭ᠎ᠠ ᠲᠠᠢ ᠪᠤᠭᠤᠷᠰᠤᠭ᠂ ᠬᠠᠲᠠᠭᠠᠭᠰᠠᠨ ᠦᠭᠡᠷ ᠤᠨ ᠮᠢᠬ᠎ᠠ᠂ ᠲᠤᠲᠤᠷᠭ᠎ᠠ᠂ ᠰᠢᠷᠠᠰᠤ᠂ ᠠᠶᠢᠷᠠᠭ᠂ ᠠᠷᠢᠬᠢ᠂ ᠤᠷᠳᠤᠰ ᠤᠨ ᠨᠠᠷᠢᠨ ᠨᠤᠤᠰᠤᠲᠤ ᠬᠤᠨᠢᠨ ᠮᠢᠬ᠎ᠠ ᠪᠤᠯᠤᠨ ᠰᠢᠭᠦᠰᠦ ᠵᠡᠷᠭᠡ ᠦᠦᠰᠢᠨ ᠨᠤᠲᠤᠭ ᠤᠨ ᠤᠨᠴᠠᠯᠢᠭᠲᠤ ᠵᠠᠭᠤ ᠭᠠᠷᠤᠢ ᠲᠥᠷᠥᠯ ᠤᠨ ᠪᠦᠲᠦᠭᠡᠭᠳᠡᠭᠦᠨ ᠳᠡᠯᠭᠡᠨ ᠦᠵᠡᠭᠦᠯᠭᠡ ᠳᠤ ᠤᠷᠤᠯᠴᠠᠵᠤ ᠲᠤᠬᠠᠢ ᠶᠢᠨ ᠭᠠᠵᠠᠷ ᠤᠨ ᠬᠦᠮᠦᠰ ᠤᠨ ᠬᠠᠯᠠᠭᠤᠨ ᠬᠦᠷᠢᠶᠡᠯᠡᠯ ᠢ ᠤᠯᠵᠠᠢ᠃      ᠠᠵᠢᠯᠯᠠᠭ᠎ᠠ ᠪᠠᠷ᠂ ᠦᠦᠰᠢᠨ ᠬᠤᠰᠢᠭᠤ ᠪᠤᠯᠤᠨ ᠴᠢᠩᠳᠤᠤ ᠬᠤᠲᠠ ᠤᠷᠲᠤ ᠬᠤᠭᠤᠴᠠᠭᠠᠨ ᠤ ᠬᠠᠮᠲᠤᠷᠠᠯᠴᠠᠭᠠᠨ ᠤ ᠭᠡᠷ᠎ᠡ ᠲᠤᠭᠲᠠᠭᠰᠠᠨ ᠮᠦᠷᠲᠡᠭᠡᠨ ᠲᠤᠬᠠᠢ  ᠶᠢᠨ ᠭᠠᠵᠠᠷ ᠤᠨ ᠠᠵᠤ ᠠᠬᠤᠶᠢᠯᠠᠯ ᠲᠠᠢ ᠤᠷᠳᠤᠰ ᠤᠨ ᠨᠠᠷᠢᠨ ᠨᠤᠤᠰᠤᠲᠤ ᠬᠤᠨᠢᠨ ᠮᠢᠬ᠎ᠠ ᠶᠢ ᠪᠤᠷᠤᠯᠠᠭᠤᠯᠬᠤ ᠭᠡᠷ᠎ᠡ ᠲᠤᠭᠲᠠᠭᠰᠠᠨ ᠪᠠᠶᠢᠨ᠎ᠠ᠃
 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ