1᠎ ᠠᠴᠠ 10 ᠳ᠋ᠣᠭᠠᠷ ᠰᠠᠷ᠎ᠠ ᠳᠤ ᠮᠠᠨ ᠤ ᠣᠯᠣᠰ ᠤᠨ ᠰᠣᠹᠲ ᠪᠤᠯᠤᠨ ᠴᠢᠮᠡᠭᠡ ᠵᠠᠩᠬᠢ ᠵᠢᠨ‌ᠮᠡᠷᠭᠡᠵᠢᠯ ᠤᠨ ᠥᠢᠯᠡᠴᠢᠯᠡᠭᠡᠨ ᠤ ᠥᠢᠯᠡᠰ ᠲᠤᠬᠳᠠᠭᠤᠨ ᠢᠶᠠᠷ ᠭᠦᠭᠵᠢᠪᠠ
ᠨᠡᠶᠢᠲᠡᠯᠡᠭᠰᠡᠨ ᠴᠠᠭ᠄
2023/12/4
    ᠠᠵᠦ ᠥᠢᠯᠡᠳᠪᠥᠷᠢ ᠪᠤᠯᠤᠨ ᠴᠢᠮᠡᠭᠡ ᠵᠠᠩᠬᠢᠴᠢᠯᠠᠯᠳᠠ ᠶᠢᠨ ᠶᠠᠮᠤᠨ ᠤ 25᠎ ᠤ  ᠡᠳᠣᠷ ᠤᠨ ᠨᠡᠶᠢᠳᠡᠯᠡᠭᠰᠡᠨ ᠢᠶᠠᠷ᠂ 1᠎ ᠠᠴᠠ 10 ᠳ᠋ᠣᠭᠠᠷ ᠰᠠᠷ᠎ᠠ ᠳᠤ ᠮᠠᠨ ᠤ ᠣᠯᠣᠰ ᠤᠨ ᠰᠣᠹᠲ ᠪᠤᠯᠤᠨ ᠴᠢᠮᠡᠭᠡ ᠵᠠᠩᠬᠢ ᠶᠢᠨ ᠮᠡᠷᠭᠡᠵᠢᠯ ᠤᠨ ᠥᠢᠯᠡᠴᠢᠯᠡᠭᠡᠨ ᠤ ᠥᠢᠯᠡᠰ ᠲᠤᠬᠳᠠᠭᠤᠨ ᠢᠶᠠᠷ ᠭᠦᠭᠵᠢᠵᠦ᠂ ᠰᠣᠹᠲ ᠤᠨ ᠠᠵᠢᠯ ᠥᠢᠯᠡᠰ ᠤᠨ ᠤᠷᠤᠯᠭ᠎ᠠ  ᠨᠠᠯᠢᠶᠠᠳ ᠲᠥᠷᠭᠡᠨ ᠨᠡᠮᠡᠭᠳᠡᠵᠦ᠂ ᠠᠰᠢᠭ ᠤᠷᠤᠯᠭ᠎ᠠ ᠨᠢ ᠵᠠᠭᠤᠨ ᠤ 10 ᠭᠠᠷᠤᠢ ᠪᠠᠷ ᠨᠡᠮᠡᠭᠳᠡᠭᠰᠡᠨ ᠪᠠᠶᠢᠨ᠎ᠠ᠃    1᠎ ᠠᠴᠠ 10 ᠳ᠋ᠣᠭᠠᠷ ᠰᠠᠷ᠎ᠠ ᠳᠤ ᠰᠣᠹᠲ ᠤᠨ ᠠᠵᠢᠯ ᠥᠢᠯᠡᠰ ᠤᠨ ᠤᠷᠤᠯᠭ᠎ᠠ ᠥᠷᠭᠦᠯᠵᠢᠯᠡᠨ ᠨᠠᠯᠢᠶᠠᠳ ᠲᠥᠷᠭᠡᠨ ᠨᠡᠮᠡᠭᠳᠡᠵᠦ᠂ 9 ᠲᠥᠮᠡ 8191 ᠳ᠋ᠥᠩᠰᠢᠭᠤᠷ  ᠲᠥᠭᠦᠷᠢᠭ ᠲᠤ ᠬᠥᠷᠴᠣ᠂ ᠨᠢᠳᠣᠨᠣᠨ ᠤ ᠠᠳᠠᠯᠢ ᠥᠶ᠎ᠠ ᠶᠢᠨ ᠬᠢ ᠠᠴᠠ ᠵᠠᠭᠤᠨ ᠤ 13.7᠎ ᠪᠠᠷ ᠨᠡᠮᠡᠭᠳᠡᠵᠡᠢ᠃ ᠡᠭᠦᠨ ᠳᠤ ᠨᠡᠶᠢᠳᠡ ᠠᠰᠢᠭ ᠤᠷᠤᠯᠭ᠎ᠠ ᠨᠢ ᠵᠠᠭᠤᠨ ᠤ ᠠᠷᠪᠠ ᠭᠠᠷᠤᠢ ᠪᠠᠷ ᠨᠡᠮᠡᠭᠳᠡᠵᠦ᠂ 1 ᠲᠥᠮᠡ 1426 ᠳ᠋ᠥᠩᠰᠢᠭᠤᠷ ᠲᠥᠭᠦᠷᠢᠭ ᠲᠤ ᠬᠥᠷᠥᠭᠰᠡᠨ ᠪᠠᠶᠢᠨ᠎ᠠ᠃   1᠎ ᠠᠴᠠ 10 ᠳ᠋ᠣᠭᠠᠷ ᠰᠠᠷ᠎ᠠ ᠳᠤ ᠴᠢᠮᠡᠭᠡ ᠵᠠᠩᠬᠢ ᠶᠢᠨ ᠮᠡᠷᠭᠡᠵᠢᠯ ᠤᠨ   ᠥᠢᠯᠡᠴᠢᠯᠡᠭᠡᠨ ᠤ ᠤᠷᠤᠯᠭ᠎ᠠ ᠲᠤᠬᠳᠠᠭᠤᠨ ᠢᠶᠠᠷ ᠨᠡᠮᠡᠭᠳᠡᠵᠦ᠂ ᠨᠡᠶᠢᠳᠡ ᠤᠷᠤᠯᠭ᠎ᠠ ᠨᠢ 6 ᠲᠥᠮᠡ 4955 ᠲᠥᠮᠡᠨ ᠳ᠋ᠥᠩᠰᠢᠭᠤᠷ ᠲᠥᠭᠦᠷᠢᠭ ᠲᠤ  ᠬᠥᠷᠴᠣ᠂ ᠨᠢᠳᠣᠨᠣᠨ ᠤ ᠠᠳᠠᠯᠢ ᠥᠶ᠎ᠡ ᠶᠢᠨ ᠬᠢ ᠠᠴᠠ ᠵᠠᠭᠤᠨ ᠤ 14.9᠎ ᠪᠠᠷ ᠨᠡᠮᠡᠭᠳᠡᠵᠦ᠂ ᠪᠥᠬᠦ ᠠᠵᠢᠯ  ᠲᠥᠷᠥᠯ ᠤᠨ  ᠤᠷᠤᠯᠭ᠎ᠠ ᠵᠢᠨ‌ᠵᠠᠭᠤᠨ ᠤ 66.2᠎ ᠶᠢ ᠡᠵᠡᠯᠡᠭᠰᠡᠨ ᠪᠠᠶᠢᠨ᠎ᠠ᠃    ᠪᠥᠰᠡ ᠨᠤᠳᠤᠭ ᠤᠨ ᠬᠤᠪᠢᠶᠠᠷᠢᠯᠠᠯ ᠠᠴᠠ ᠠᠪᠴᠣ ᠥᠵᠡᠪᠡᠯ᠂ 1᠎ ᠠᠴᠠ 10 ᠳ᠋ᠣᠭᠠᠷ ᠰᠠᠷ᠎ᠠ ᠳᠤ ᠵᠡᠭᠦᠨ ᠪᠡᠶ᠎ᠡ ᠶᠢᠨ ᠤᠷᠤᠨ ᠤ ᠰᠣᠹᠲ ᠤᠨ ᠠᠵᠢᠯ ᠥᠢᠯᠡᠰ ᠤᠨ ᠤᠷᠤᠯᠭ᠎ᠠ 8 ᠲᠥᠮᠡ 1097  ᠳ᠋ᠥᠩᠰᠢᠭᠤᠷ ᠲᠥᠭᠦᠷᠢᠭ ᠲᠤ  ᠬᠥᠷᠴᠣ᠂ ᠨᠢᠳᠣᠨᠣᠨ ᠤ ᠠᠳᠠᠯᠢ ᠥᠶ᠎ᠡ ᠶᠢᠨ ᠬᠢ ᠠᠴᠠ ᠵᠠᠭᠤᠨ ᠤ 13.9᠎ ᠪᠠᠷ ᠨᠡᠮᠡᠭᠳᠡᠵᠦ᠂ ᠪᠠᠷᠠᠭᠤᠨ ᠪᠡᠶ᠎ᠡ ᠶᠢᠨ ᠤᠷᠤᠨ ᠤ ᠰᠣᠹᠲ ‍ᠤᠨ‌ᠠᠵᠢᠯ ᠥᠢᠯᠡᠰ ᠤᠨ ᠤᠷᠤᠯᠭ᠎ᠠ 9889 ᠳ᠋ᠥᠩᠰᠢᠭᠤᠷ ᠲᠥᠭᠦᠷᠢᠭ ᠲᠤ ᠬᠥᠷᠴᠣ᠂ ᠨᠢᠳᠣᠨᠣᠨ ᠤ ᠠᠳᠠᠯᠢ ᠥᠶ᠎ᠡ ᠶᠢᠨ ᠬᠢ ᠠᠴᠠ ᠵᠠᠭᠤᠨ ᠤ 10.2᠎ ᠢᠶᠠᠷ ᠨᠡᠮᠡᠭᠳᠡᠭᠰᠡᠨ ᠪᠠᠶᠢᠨ᠎ᠠ᠃ 
ᠢᠷᠡᠯᠲᠡ᠄ ᠠᠷᠠᠳ ᠤᠨ ᠰᠥᠯᠵᠢᠶ᠎ᠠ