| | | ᠣᠶᠢᠷ᠎ᠠ ᠶᠢᠨ ᠡᠳᠦᠷ᠂ ᠬᠤᠲᠠ ᠶᠢᠨ ᠵᠠᠰᠠᠭ ᠤᠨ ᠣᠷᠳᠣᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠬᠠᠮᠲᠤᠷᠠᠯᠴᠠᠭᠠᠨ ᠤ ᠵᠥᠪᠳᠡᠯᠴᠡᠭᠡᠷ | ᠲᠣᠭᠲᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠥᠪᠥᠷ ᠮᠣᠩᠭᠤᠯ ᠤᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠧᠨ ᠶᠦᠩ ᠱᠧᠩ ᠪᠣᠯᠤᠨ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠭᠤᠤ ᠵᠢᠤᠢ | ᠯᠢᠨ ᠨᠡᠷ ᠲᠠᠢ ᠠᠭᠤᠯᠵᠠᠭᠰᠠᠨ ᠪᠥᠭᠡᠳ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | | | | ᠳ᠋ᠦ᠋ ᠬᠤᠢ ᠯᠢᠶᠠᠩ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠷᠳᠤ ᠬᠤᠭᠤᠴᠠᠭᠠᠨ ᠤ ᠲᠤᠷᠰᠢ ᠤᠷᠳᠤᠰ ᠲᠤ ᠦᠵᠡᠭᠦᠯᠦᠭᠰᠡᠨ | ᠬᠠᠯᠠᠮᠵᠢᠯᠠᠯ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠤᠷᠳᠤᠰ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ | ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠳᠤᠮᠳᠠ ᠰᠢᠨ᠎ᠡ ᠵᠠᠮ ᠢ ᠨᠡᠭᠡᠭᠡᠵᠦ᠂ ᠡᠮᠦᠨ᠎ᠡ ᠡᠩᠨᠡᠭᠡᠨ ᠳᠤ ᠣᠷᠣᠬᠤ ᠪᠠᠷ ᠴᠢᠷᠮᠠᠶᠢᠵᠤ ᠪᠠᠶᠢᠨ᠎ᠠ᠃ ᠬᠤᠶᠠᠷ | ᠲᠠᠯ᠎ᠠ ᠪᠠᠷ ᠢᠶᠠᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠠ ᠤᠯᠤᠰ ᠤᠨ ᠴᠢᠬᠤᠯᠠ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠬᠠᠳᠤᠨ ᠭᠤᠣᠯ ᠤᠨ ᠲᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ᠂ ᠰᠤᠷᠭᠠᠭᠤᠯᠢ ᠪᠤᠯᠤᠨ ᠣᠷᠣᠨ ᠨᠤᠲᠤᠭ᠂ | ᠰᠤᠷᠭᠠᠭᠤᠯᠢ ᠪᠤᠯᠤᠨ ᠰᠤᠷᠭᠠᠭᠤᠯᠢ ᠶᠢᠨ ᠬᠠᠮᠲᠤᠷᠠᠯᠴᠠᠭ᠎ᠠ ᠶᠢ ᠴᠢᠩᠭᠠᠳᠬᠠᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠬᠤ᠂ | ᠴᠢᠳᠠᠪᠤᠷᠢᠲᠠᠨ ᠢ ᠣᠷᠣᠭᠤᠯᠤᠨ ᠠᠪᠴᠢᠷᠠᠵᠤ ᠪᠤᠶᠢᠵᠢᠭᠤᠯᠬᠤ ᠵᠡᠷᠭᠡ ᠲᠠᠯ᠎ᠠ ᠪᠠᠷ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ ᠪᠦᠬᠦᠢ ᠬᠠᠮᠲᠤᠷᠠᠯᠴᠠᠭ᠎ᠠ ᠶᠢ | ᠥᠷᠨᠢᠭᠦᠯᠵᠦ᠂ ᠤᠷᠳᠤᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ ᠤ | ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠴᠧᠨ ᠶᠦᠩ ᠱᠧᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠷᠢᠶᠠᠯᠠᠩ ᠤᠢ ᠰᠢᠭᠤᠢ ᠵᠡᠷᠭᠡ ᠤᠨᠴᠠᠯᠢᠬᠳᠤ ᠰᠢᠨᠵᠢᠯᠡᠭᠡᠨ ᠤ | ᠬᠦᠷᠢᠶᠡᠨ ᠳᠤ ᠭᠦᠨ ᠵᠤᠵᠠᠭᠠᠨ ᠬᠤᠷᠠᠮᠳᠠᠯ ᠲᠠᠢ᠂ ᠳᠠᠪᠠᠭᠤᠯᠢᠭ ᠲᠤᠪᠤᠶᠢᠮ᠎ᠠ ᠪᠠᠶᠢᠳᠠᠭ᠂ ᠲᠤᠰ ᠤᠳᠠᠭᠠᠨ ᠤ ᠭᠡᠷ᠎ᠡ ᠲᠣᠭᠲᠠᠬᠤ ᠪᠠᠷ ᠰᠢᠨ᠎ᠡ ᠭᠠᠷᠤᠭ᠎ᠠ ᠪᠣᠯᠭᠠᠵᠤ᠂ | ᠰᠢᠨᠵᠢᠯᠡᠭᠡᠨ ᠤ ᠰᠠᠯᠠᠭ᠎ᠠ ᠶᠢᠨ ᠴᠢᠳᠠᠪᠤᠷᠢᠲᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠷᠳᠤᠰ ᠤᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ | ᠤᠶᠠᠯᠳᠤᠭᠤᠯᠵᠤ᠂ ᠬᠤᠶᠠᠷ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠤᠰ ᠤᠨ ᠪᠠᠶᠢᠯᠳᠤᠬᠤ | ᠪᠤᠳᠤᠯᠭ᠎ᠠ ᠳᠤ ᠦᠢᠯᠡᠴᠢᠯᠡᠬᠦ᠂ ᠣᠷᠣᠨ ᠨᠤᠲᠤᠭ ᠤᠨ ᠬᠥᠭᠵᠢᠯᠲᠡ ᠳᠤ ᠬᠦᠴᠦᠨ ᠨᠡᠮᠡᠷᠢᠯᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠬᠡᠶᠢᠯᠡᠪᠡ᠃ | ᠭᠠᠷ ᠤᠨ ᠦᠰᠦᠭ ᠵᠢᠷᠤᠬᠤ ᠶᠤᠰᠤᠯᠠᠯ ᠲᠡᠭᠡᠷ᠎ᠠ᠂ ᠬᠤᠳᠠ ᠶᠢᠨ ᠵᠠᠰᠠᠭ ᠤᠨ ᠤᠷᠳᠤᠨ ᠦᠪᠤᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ | ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠪᠦᠳᠦᠬᠦᠪᠴᠢ ᠵᠥᠪᠳᠡᠯᠴᠡᠭᠡᠷ ᠲᠤᠭᠲᠠᠵᠤ᠂ ᠬᠤᠳᠠ ᠶᠢᠨ ᠵᠠᠰᠠᠭ ᠤᠨ ᠤᠷᠳᠤᠨ᠂ ᠦᠪᠤᠷ ᠮᠤᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ᠂ ᠲᠠᠯᠠᠳ ᠬᠤᠰᠢᠭᠤᠨ ᠤ ᠵᠠᠰᠠᠭ ᠤᠨ ᠤᠷᠳᠤᠨ ᠬᠠᠳᠤᠨ ᠭᠤᠤᠯ ᠤᠨ ᠲᠤᠬᠤᠢ ᠶᠢᠨ ᠡᠯᠡᠰᠦᠷᠬᠡᠭᠵᠢᠯ ᠢ ᠰᠡᠷᠭᠡᠶᠢᠯᠡᠵᠤ ᠡᠯᠡᠰᠦ ᠶᠢ | ᠵᠠᠰᠠᠬᠤ ᠮᠡᠷᠭᠡᠵᠢᠯ ᠤᠨ ᠰᠢᠨ᠎ᠠ ᠶᠢ ᠡᠭᠦᠳᠭᠦ ᠲᠦᠪ ᠢ ᠬᠠᠮᠲᠤ ᠪᠠᠷ ᠪᠠᠶᠢᠭᠤᠯᠬᠤ ᠬᠠᠮᠳᠤᠷᠠᠯᠴᠠᠭᠠᠨ ᠤ ᠵᠥᠪᠳᠡᠯᠴᠡᠭᠡᠷ ᠲᠤ ᠭᠠᠷ ᠤᠨ ᠦᠰᠦᠭ ᠵᠢᠷᠤᠵᠤ᠂ ᠦᠪᠤᠷ | ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠨᠢ ᠤᠷᠳᠤᠰ ᠤᠨ ᠠᠮᠢ ᠠᠬᠤᠢ ᠤᠷᠴᠢᠨ ᠲᠤᠭᠤᠷᠢᠨ ᠤ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠲᠠᠢ | ᠬᠠᠮᠳᠤᠷᠠᠯᠴᠠᠭᠠᠨ ᠤ ᠵᠥᠪᠳᠡᠯᠴᠡᠭᠡᠷ ᠲᠤ ᠭᠠᠷ ᠤᠨ ᠦᠰᠦᠭ ᠵᠢᠷᠤᠵᠠᠢ᠃ ᠵᠥᠪᠳᠡᠯᠴᠡᠭᠡᠷ ᠢ ᠦᠨᠳᠦᠰᠦᠯᠡᠪᠡᠯ᠂ ᠬᠤᠲᠠ ᠪᠤᠯᠤᠨ ᠰᠤᠷᠭᠠᠭᠤᠯᠢ ᠬᠤᠶᠠᠷ | ᠲᠠᠯ᠎ᠠ ᠪᠠᠷ ᠢᠶᠠᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠬᠤ᠂ | ᠰᠤᠷᠭᠠᠭᠤᠯᠢ ᠬᠢᠭᠡᠳ ᠰᠤᠷᠭᠠᠭᠤᠯᠢ ᠬᠤᠯᠪᠣᠭᠠᠯᠠᠨ ᠬᠥᠳᠡᠯᠦᠯᠴᠡᠵᠦ ᠬᠠᠮᠲᠤ ᠪᠠᠷ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ | ᠴᠤᠭᠴᠠᠯᠠᠬᠤ᠂ ᠴᠢᠳᠠᠪᠤᠷᠢᠲᠠᠨ ᠤ ᠰᠣᠯᠢᠯᠴᠠᠭ᠎ᠠ ᠶᠢ ᠬᠥᠮᠦᠵᠢᠭᠦᠯᠬᠦ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠪᠣᠯᠤᠨ᠎ᠠ᠃ | ᠭᠤᠤ ᠸᠧᠨ ᠾᠧ᠂ ᠬᠤᠸᠠ ᠷᠦᠢ ᠹᠧᠩ᠂ ᠡᠷᠳᠡᠨᠢᠪᠢᠯᠢᠭ ᠵᠥᠪᠳᠡᠯᠴᠡᠭᠡᠷ ᠲᠤ ᠤᠷᠤᠯᠴᠠᠪᠠ᠃ | | | | | | | | |