ᠠᠵᠦ ᠥᠢᠯᠡᠳᠪᠥᠷᠢ ᠪᠤᠯᠤᠨ ᠴᠢᠮᠡᠭᠡ ᠵᠠᠩᠬᠢᠴᠢᠯᠠᠯᠳᠠ ᠶᠢᠨ ᠶᠠᠮᠤᠨ ᠤ 25 ᠤ ᠡᠳᠣᠷ ᠤᠨ ᠨᠡᠶᠢᠳᠡᠯᠡᠭᠰᠡᠨ ᠢᠶᠠᠷ᠂ 1 ᠠᠴᠠ 10 ᠳ᠋ᠣᠭᠠᠷ ᠰᠠᠷ᠎ᠠ ᠳᠤ ᠮᠠᠨ ᠤ | ᠣᠯᠣᠰ ᠤᠨ ᠰᠣᠹᠲ ᠪᠤᠯᠤᠨ ᠴᠢᠮᠡᠭᠡ ᠵᠠᠩᠬᠢ ᠶᠢᠨ ᠮᠡᠷᠭᠡᠵᠢᠯ ᠤᠨ ᠥᠢᠯᠡᠴᠢᠯᠡᠭᠡᠨ ᠤ ᠥᠢᠯᠡᠰ ᠲᠤᠬᠳᠠᠭᠤᠨ ᠢᠶᠠᠷ ᠭᠦᠭᠵᠢᠵᠦ᠂ ᠰᠣᠹᠲ ᠤᠨ ᠠᠵᠢᠯ ᠥᠢᠯᠡᠰ ᠤᠨ | ᠤᠷᠤᠯᠭ᠎ᠠ ᠨᠠᠯᠢᠶᠠᠳ ᠲᠥᠷᠭᠡᠨ ᠨᠡᠮᠡᠭᠳᠡᠵᠦ᠂ ᠠᠰᠢᠭ ᠤᠷᠤᠯᠭ᠎ᠠ ᠨᠢ ᠵᠠᠭᠤᠨ ᠤ 10 ᠭᠠᠷᠤᠢ ᠪᠠᠷ ᠨᠡᠮᠡᠭᠳᠡᠭᠰᠡᠨ ᠪᠠᠶᠢᠨ᠎ᠠ᠃ | 1 ᠠᠴᠠ 10 ᠳ᠋ᠣᠭᠠᠷ ᠰᠠᠷ᠎ᠠ ᠳᠤ ᠰᠣᠹᠲ ᠤᠨ ᠠᠵᠢᠯ ᠥᠢᠯᠡᠰ ᠤᠨ ᠤᠷᠤᠯᠭ᠎ᠠ ᠥᠷᠭᠦᠯᠵᠢᠯᠡᠨ ᠨᠠᠯᠢᠶᠠᠳ ᠲᠥᠷᠭᠡᠨ ᠨᠡᠮᠡᠭᠳᠡᠵᠦ᠂ 9 ᠲᠥᠮᠡ 8191 | ᠳ᠋ᠥᠩᠰᠢᠭᠤᠷ ᠲᠥᠭᠦᠷᠢᠭ ᠲᠤ ᠬᠥᠷᠴᠣ᠂ ᠨᠢᠳᠣᠨᠣᠨ ᠤ ᠠᠳᠠᠯᠢ ᠥᠶ᠎ᠠ ᠶᠢᠨ ᠬᠢ ᠠᠴᠠ ᠵᠠᠭᠤᠨ ᠤ 13.7 ᠪᠠᠷ ᠨᠡᠮᠡᠭᠳᠡᠵᠡᠢ᠃ ᠡᠭᠦᠨ ᠳᠤ ᠨᠡᠶᠢᠳᠡ ᠠᠰᠢᠭ | ᠤᠷᠤᠯᠭ᠎ᠠ ᠨᠢ ᠵᠠᠭᠤᠨ ᠤ ᠠᠷᠪᠠ ᠭᠠᠷᠤᠢ ᠪᠠᠷ ᠨᠡᠮᠡᠭᠳᠡᠵᠦ᠂ 1 ᠲᠥᠮᠡ 1426 ᠳ᠋ᠥᠩᠰᠢᠭᠤᠷ ᠲᠥᠭᠦᠷᠢᠭ ᠲᠤ ᠬᠥᠷᠥᠭᠰᠡᠨ ᠪᠠᠶᠢᠨ᠎ᠠ᠃ | 1 ᠠᠴᠠ 10 ᠳ᠋ᠣᠭᠠᠷ ᠰᠠᠷ᠎ᠠ ᠳᠤ ᠴᠢᠮᠡᠭᠡ ᠵᠠᠩᠬᠢ ᠶᠢᠨ ᠮᠡᠷᠭᠡᠵᠢᠯ ᠤᠨ ᠥᠢᠯᠡᠴᠢᠯᠡᠭᠡᠨ ᠤ ᠤᠷᠤᠯᠭ᠎ᠠ ᠲᠤᠬᠳᠠᠭᠤᠨ ᠢᠶᠠᠷ ᠨᠡᠮᠡᠭᠳᠡᠵᠦ᠂ ᠨᠡᠶᠢᠳᠡ ᠤᠷᠤᠯᠭ᠎ᠠ ᠨᠢ | 6 ᠲᠥᠮᠡ 4955 ᠲᠥᠮᠡᠨ ᠳ᠋ᠥᠩᠰᠢᠭᠤᠷ ᠲᠥᠭᠦᠷᠢᠭ ᠲᠤ ᠬᠥᠷᠴᠣ᠂ ᠨᠢᠳᠣᠨᠣᠨ ᠤ ᠠᠳᠠᠯᠢ ᠥᠶ᠎ᠡ ᠶᠢᠨ ᠬᠢ ᠠᠴᠠ ᠵᠠᠭᠤᠨ ᠤ 14.9 ᠪᠠᠷ ᠨᠡᠮᠡᠭᠳᠡᠵᠦ᠂ ᠪᠥᠬᠦ | ᠠᠵᠢᠯ ᠲᠥᠷᠥᠯ ᠤᠨ ᠤᠷᠤᠯᠭ᠎ᠠ ᠵᠢᠨᠵᠠᠭᠤᠨ ᠤ 66.2 ᠶᠢ ᠡᠵᠡᠯᠡᠭᠰᠡᠨ ᠪᠠᠶᠢᠨ᠎ᠠ᠃ | ᠪᠥᠰᠡ ᠨᠤᠳᠤᠭ ᠤᠨ ᠬᠤᠪᠢᠶᠠᠷᠢᠯᠠᠯ ᠠᠴᠠ ᠠᠪᠴᠣ ᠥᠵᠡᠪᠡᠯ᠂ 1 ᠠᠴᠠ 10 ᠳ᠋ᠣᠭᠠᠷ ᠰᠠᠷ᠎ᠠ ᠳᠤ ᠵᠡᠭᠦᠨ ᠪᠡᠶ᠎ᠡ ᠶᠢᠨ ᠤᠷᠤᠨ ᠤ ᠰᠣᠹᠲ ᠤᠨ ᠠᠵᠢᠯ | ᠥᠢᠯᠡᠰ ᠤᠨ ᠤᠷᠤᠯᠭ᠎ᠠ 8 ᠲᠥᠮᠡ 1097 ᠳ᠋ᠥᠩᠰᠢᠭᠤᠷ ᠲᠥᠭᠦᠷᠢᠭ ᠲᠤ ᠬᠥᠷᠴᠣ᠂ ᠨᠢᠳᠣᠨᠣᠨ ᠤ ᠠᠳᠠᠯᠢ ᠥᠶ᠎ᠡ ᠶᠢᠨ ᠬᠢ ᠠᠴᠠ ᠵᠠᠭᠤᠨ ᠤ 13.9 ᠪᠠᠷ | ᠨᠡᠮᠡᠭᠳᠡᠵᠦ᠂ ᠪᠠᠷᠠᠭᠤᠨ ᠪᠡᠶ᠎ᠡ ᠶᠢᠨ ᠤᠷᠤᠨ ᠤ ᠰᠣᠹᠲ ᠤᠨᠠᠵᠢᠯ ᠥᠢᠯᠡᠰ ᠤᠨ ᠤᠷᠤᠯᠭ᠎ᠠ 9889 ᠳ᠋ᠥᠩᠰᠢᠭᠤᠷ ᠲᠥᠭᠦᠷᠢᠭ ᠲᠤ ᠬᠥᠷᠴᠣ᠂ ᠨᠢᠳᠣᠨᠣᠨ ᠤ ᠠᠳᠠᠯᠢ | ᠥᠶ᠎ᠡ ᠶᠢᠨ ᠬᠢ ᠠᠴᠠ ᠵᠠᠭᠤᠨ ᠤ 10.2 ᠢᠶᠠᠷ ᠨᠡᠮᠡᠭᠳᠡᠭᠰᠡᠨ ᠪᠠᠶᠢᠨ᠎ᠠ᠃ | | | |