ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ  ᠶᠢ ᠡᠭᠦᠳᠬᠦ ᠲᠦᠪ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/12/4
    ᠤᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠰᠢᠨ᠎ᠡ  ᠶᠢ ᠡᠭᠦᠳᠬᠦ ᠲᠥᠪ ᠤᠨ ᠫᠠᠶᠢᠰᠠ ᠰᠡᠬᠦᠬᠦ ᠶᠣᠰᠣᠯᠠᠯ ᠬᠥᠬᠡᠬᠤᠲᠠ ᠳᠤ ᠶᠠᠪᠤᠭᠳᠠᠪᠠ᠃    ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ  ᠶᠢ ᠡᠭᠦᠳᠬᠦ ᠲᠥᠪ ᠨᠢ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠭᠠᠨ ᠤ ᠬᠦᠳᠡᠯᠭᠡᠬᠦ ᠬᠦᠴᠦᠨ ᠢ ᠠᠮᠢᠯᠠᠭᠤᠯᠤᠨ᠂ ᠰᠢᠨ᠎ᠡ  ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠪᠠᠷ ᠬᠥᠲᠥᠯᠦᠮᠵᠢ ᠪᠣᠯᠭᠠᠵᠤ᠂ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠪᠠᠷ ᠬᠥᠳᠡᠯᠭᠡᠬᠦ ᠬᠦᠴᠦᠨ ᠪᠣᠯᠭᠠᠨ᠂ ᠮᠡᠷᠭᠡᠵᠢᠯ ᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠬᠤᠪᠢᠷᠠᠭᠤᠯᠬᠤ ᠪᠠᠷ ᠭᠤᠤᠯ ᠪᠣᠯᠭᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠪᠠᠷ ᠬᠠᠷᠠᠯᠲᠠ ᠪᠣᠯᠭᠠᠨ᠂ ᠣᠶ ᠰᠢᠭᠤᠶ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠬᠢᠭᠡᠳ ᠠᠵᠤ ᠠᠬᠤᠶ ᠨᠡᠶᠢᠭᠡᠮ ᠤᠨ ᠭᠦᠨᠵᠡᠭᠡᠶ ᠠᠭᠤᠰᠤᠯᠴᠠᠬᠤ  ᠶᠢ ᠠᠬᠢᠭᠤᠯᠵᠤ᠂ ᠵᠥᠪᠰᠢᠶᠡᠷᠡᠯ ᠢᠶᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠳᠤ ᠨᠡᠶᠢᠲᠡ ᠶᠢᠨ ᠠᠰᠠᠷᠠᠮᠵᠢ ᠶᠢᠨ ᠬᠤᠶᠠᠳᠤᠭᠠᠷ ᠲᠥᠷᠥᠯ ᠤᠨ ᠠᠵᠢᠯ ᠦᠢᠯᠡᠰ ᠤᠨ ᠨᠢᠭᠡᠴᠢ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠰᠢᠨ᠎ᠡ  ᠶᠢ ᠡᠭᠦᠳᠬᠦ ᠲᠥᠪ ︵ᠳᠣᠷᠣᠭᠰᠢ ︽ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠰᠢᠨ᠎ᠡ  ᠶᠢ ᠡᠭᠦᠳᠬᠦ ᠲᠥᠪ︾ ᠭᠡᠵᠦ ᠲᠣᠪᠴᠢᠯᠠᠨ᠎ᠠ︶ ᠢ ᠪᠠᠶᠢᠭᠤᠯᠤᠭᠰᠠᠨ ᠪᠠᠶᠢᠨ᠎ᠠ᠃     ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠰᠢᠨ᠎ᠡ  ᠶᠢ ᠡᠭᠦᠳᠬᠦ ᠲᠥᠪ ᠨᠢ ᠰᠢᠨ᠎ᠡ ᠴᠠᠭ ᠦᠶ᠎ᠡ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ  ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯᠯᠠᠭᠠᠨ ᠤ ᠲᠣᠭᠲᠠᠴᠠ ᠶᠢᠨ ᠰᠢᠨ᠎ᠡ  ᠶᠢ ᠡᠭᠦᠳᠴᠦ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠢ ᠠᠵᠤ ᠠᠬᠤᠶ ᠲᠠᠢ ᠵᠣᠯᠭᠠᠭᠤᠯᠤᠨ᠂ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠦᠭᠵᠢᠯᠲᠡ ᠳᠤ ᠬᠦᠴᠦᠨ ᠨᠡᠮᠡᠷᠢᠯᠡᠬᠦ ᠪᠤᠯᠤᠨ᠎ᠠ᠃     ᠳᠠᠷᠠᠭᠠᠴᠢ ᠶᠢᠨ ᠠᠯᠬᠤᠮ ᠳᠤ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠰᠢᠨ᠎ᠡ  ᠶᠢ ᠡᠭᠦᠳᠬᠦ ᠲᠥᠪ ᠠᠴᠠ ᠤᠢ ᠰᠢᠭᠤᠢ ᠪᠣᠯᠤᠨ ᠨᠤᠲᠤᠭ ᠪᠡᠯᠴᠢᠭᠡᠷ ᠤᠨ ᠬᠦᠷᠢᠶᠡᠨ ᠤ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠭᠡᠷᠡᠭᠯᠡᠯᠳᠡ  ᠶᠢ ᠬᠠᠮᠵᠢᠯᠴᠠᠭᠤᠯᠤᠨ ᠰᠢᠨ᠎ᠡ  ᠶᠢ ᠡᠭᠦᠳᠴᠤ᠂ ᠣᠶ ᠰᠢᠭᠤᠶ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ᠂ ᠣᠶ ᠰᠢᠭᠤᠶ ᠪᠠ ᠨᠤᠲᠤᠭ ᠪᠡᠯᠴᠢᠭᠡᠷ ᠤᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠮᠡᠷᠭᠡᠵᠢᠯ ᠤᠨ ᠪᠣᠯᠪᠠᠰᠤᠷᠠᠯ ᠬᠢᠭᠡᠳ ᠳᠡᠯᠭᠡᠷᠡᠭᠦᠯᠦᠨ ᠵᠢᠱᠢᠶ᠎ᠡ ᠦᠵᠡᠭᠦᠯᠬᠦ ᠵᠡᠷᠭᠡ ᠠᠵᠢᠯ ᠳᠤ ᠣᠶ ᠰᠢᠭᠤᠶ ᠪᠠ ᠨᠤᠲᠤᠭ ᠪᠡᠯᠴᠢᠭᠡᠷ ᠤᠨ ᠬᠦᠷᠢᠶᠡᠨ ᠳᠠᠬᠢ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠢ ᠭᠦᠨᠵᠡᠭᠡᠢ ᠠᠭᠤᠰᠤᠯᠴᠠᠭᠤᠯᠤᠭᠰᠠᠨ ᠰᠢᠨ᠎ᠡ  ᠶᠢ ᠡᠭᠦᠳᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ᠂ ᠴᠢᠳᠠᠪᠤᠷᠢᠲᠠᠨ ᠵᠡᠷᠭᠡ ᠡᠬᠢ ᠪᠠᠶᠠᠯᠢᠭ ᠤᠨ ᠬᠦᠴᠦᠨ ᠵᠦᠢᠯ ᠢ ᠲᠥᠪᠯᠡᠷᠡᠭᠦᠯᠦᠨ᠂ ᠣᠶ ᠰᠢᠭᠤᠶ ᠪᠠ ᠨᠤᠲᠤᠭ ᠪᠡᠯᠴᠢᠭᠡᠷ ᠤᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠪᠤᠯᠤᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ