ᠬᠤᠳᠠ ᠶᠢᠨ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠬᠠᠮᠲᠤᠷᠠᠯᠴᠠᠭᠠᠨ ᠤ ᠵᠥᠪᠳᠡᠯᠴᠡᠭᠡᠷ ᠲᠤᠭᠲᠠᠵᠠᠢ ᠳ᠋ᠦ᠋ ᠬᠤᠢ ᠯᠢᠶᠠᠩ ᠴᠧᠨ ᠶᠦᠩ ᠱᠧᠩ᠂ ᠭᠤᠤ ᠵᠢᠤᠢ ᠯᠢᠨ ᠲᠠᠢ ᠠᠭᠤᠯᠵᠠᠭᠰᠠᠨ ᠪᠥᠭᠡᠳ ᠭᠠᠷ ᠤᠨ ᠦᠰᠦᠭ ᠵᠢᠷᠤᠬᠤ ᠶᠢ ᠭᠡᠷᠡᠴᠢᠯᠡᠪᠡ
ᠨᠡᠶᠢᠲᠡᠯᠡᠭᠰᠡᠨ ᠴᠠᠭ᠄
2023/12/4
640.jpg
    ᠣᠶᠢᠷ᠎ᠠ ᠶᠢᠨ ᠡᠳᠦᠷ᠂ ᠬᠤᠲᠠ ᠶᠢᠨ ᠵᠠᠰᠠᠭ ᠤᠨ ᠣᠷᠳᠣᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠬᠠᠮᠲᠤᠷᠠᠯᠴᠠᠭᠠᠨ ᠤ ᠵᠥᠪᠳᠡᠯᠴᠡᠭᠡᠷ ᠲᠣᠭᠲᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠧᠨ ᠶᠦᠩ ᠱᠧᠩ ᠪᠣᠯᠤᠨ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠭᠤᠤ ᠵᠢᠤᠢ ᠯᠢᠨ ᠨᠡᠷ ᠲᠠᠢ ᠠᠭᠤᠯᠵᠠᠭᠰᠠᠨ ᠪᠥᠭᠡᠳ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ 
640 (1).jpg
    ᠳ᠋ᠦ᠋ ᠬᠤᠢ ᠯᠢᠶᠠᠩ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠷᠳᠤ ᠬᠤᠭᠤᠴᠠᠭᠠᠨ ᠤ ᠲᠤᠷᠰᠢ ᠤᠷᠳᠤᠰ ᠲᠤ ᠦᠵᠡᠭᠦᠯᠦᠭᠰᠡᠨ ᠬᠠᠯᠠᠮᠵᠢᠯᠠᠯ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠤᠷᠳᠤᠰ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠳᠤᠮᠳᠠ ᠰᠢᠨ᠎ᠡ ᠵᠠᠮ ᠢ ᠨᠡᠭᠡᠭᠡᠵᠦ᠂ ᠡᠮᠦᠨ᠎ᠡ ᠡᠩᠨᠡᠭᠡᠨ ᠳᠤ ᠣᠷᠣᠬᠤ ᠪᠠᠷ ᠴᠢᠷᠮᠠᠶᠢᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠠ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠳᠤᠨ ᠭᠤᠣᠯ ᠤᠨ ᠲᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ᠂ ᠰᠤᠷᠭᠠᠭᠤᠯᠢ ᠪᠤᠯᠤᠨ ᠣᠷᠣᠨ ᠨᠤᠲᠤᠭ᠂ ᠰᠤᠷᠭᠠᠭᠤᠯᠢ ᠪᠤᠯᠤᠨ ᠰᠤᠷᠭᠠᠭᠤᠯᠢ ᠶᠢᠨ ᠬᠠᠮᠲᠤᠷᠠᠯᠴᠠᠭ᠎ᠠ ᠶᠢ ᠴᠢᠩᠭᠠᠳᠬᠠᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠪᠤᠶᠢᠵᠢᠭᠤᠯᠬᠤ ᠵᠡᠷᠭᠡ ᠲᠠᠯ᠎ᠠ ᠪᠠᠷ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ ᠪᠦᠬᠦᠢ ᠬᠠᠮᠲᠤᠷᠠᠯᠴᠠᠭ᠎ᠠ ᠶᠢ ᠥᠷᠨᠢᠭᠦᠯᠵᠦ᠂ ᠤᠷᠳᠤᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠴᠧᠨ ᠶᠦᠩ ᠱᠧᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠷᠢᠶᠠᠯᠠᠩ ᠤᠢ ᠰᠢᠭᠤᠢ ᠵᠡᠷᠭᠡ ᠤᠨᠴᠠᠯᠢᠬᠳᠤ ᠰᠢᠨᠵᠢᠯᠡᠭᠡᠨ ᠤ ᠬᠦᠷᠢᠶᠡᠨ ᠳᠤ ᠭᠦᠨ ᠵᠤᠵᠠᠭᠠᠨ ᠬᠤᠷᠠᠮᠳᠠᠯ ᠲᠠᠢ᠂ ᠳᠠᠪᠠᠭᠤᠯᠢᠭ ᠲᠤᠪᠤᠶᠢᠮ᠎ᠠ ᠪᠠᠶᠢᠳᠠᠭ᠂ ᠲᠤᠰ ᠤᠳᠠᠭᠠᠨ ᠤ ᠭᠡᠷ᠎ᠡ ᠲᠣᠭᠲᠠᠬᠤ ᠪᠠᠷ ᠰᠢᠨ᠎ᠡ ᠭᠠᠷᠤᠭ᠎ᠠ ᠪᠣᠯᠭᠠᠵᠤ᠂ ᠰᠢᠨᠵᠢᠯᠡᠭᠡᠨ ᠤ ᠰᠠᠯᠠᠭ᠎ᠠ ᠶᠢᠨ ᠴᠢᠳᠠᠪᠤᠷᠢᠲᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠷᠳᠤᠰ ᠤᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠬᠤᠶᠠᠷ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠤᠰ ᠤᠨ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ᠂ ᠣᠷᠣᠨ ᠨᠤᠲᠤᠭ ᠤᠨ ᠬᠥᠭᠵᠢᠯᠲᠡ ᠳᠤ ᠬᠦᠴᠦᠨ ᠨᠡᠮᠡᠷᠢᠯᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠬᠡᠶᠢᠯᠡᠪᠡ᠃    ᠭᠠᠷ ᠤᠨ ᠦᠰᠦᠭ ᠵᠢᠷᠤᠬᠤ ᠶᠤᠰᠤᠯᠠᠯ ᠲᠡᠭᠡᠷ᠎ᠠ᠂ ᠬᠤᠳᠠ ᠶᠢᠨ ᠵᠠᠰᠠᠭ ᠤᠨ ᠤᠷᠳᠤᠨ ᠦᠪᠤᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠪᠦᠳᠦᠬᠦᠪᠴᠢ ᠵᠥᠪᠳᠡᠯᠴᠡᠭᠡᠷ ᠲᠤᠭᠲᠠᠵᠤ᠂ ᠬᠤᠳᠠ ᠶᠢᠨ ᠵᠠᠰᠠᠭ ᠤᠨ ᠤᠷᠳᠤᠨ᠂ ᠦᠪᠤᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠲᠠᠯᠠᠳ ᠬᠤᠰᠢᠭᠤᠨ ᠤ ᠵᠠᠰᠠᠭ ᠤᠨ ᠤᠷᠳᠤᠨ ᠬᠠᠳᠤᠨ ᠭᠤᠤᠯ ᠤᠨ ᠲᠤᠬᠤᠢ ᠶᠢᠨ ᠡᠯᠡᠰᠦᠷᠬᠡᠭᠵᠢᠯ ᠢ ᠰᠡᠷᠭᠡᠶᠢᠯᠡᠵᠤ ᠡᠯᠡᠰᠦ ᠶᠢ ᠵᠠᠰᠠᠬᠤ ᠮᠡᠷᠭᠡᠵᠢᠯ ᠤᠨ ᠰᠢᠨ᠎ᠠ ᠶᠢ ᠡᠭᠦᠳᠭᠦ ᠲᠦᠪ ᠢ ᠬᠠᠮᠲᠤ ᠪᠠᠷ ᠪᠠᠶᠢᠭᠤᠯᠬᠤ ᠬᠠᠮᠳᠤᠷᠠᠯᠴᠠᠭᠠᠨ ᠤ  ᠵᠥᠪᠳᠡᠯᠴᠡᠭᠡᠷ ᠲᠤ ᠭᠠᠷ ᠤᠨ ᠦᠰᠦᠭ ᠵᠢᠷᠤᠵᠤ᠂ ᠦᠪᠤᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠨᠢ ᠤᠷᠳᠤᠰ ᠤᠨ ᠠᠮᠢ ᠠᠬᠤᠢ ᠤᠷᠴᠢᠨ ᠲᠤᠭᠤᠷᠢᠨ ᠤ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠲᠠᠢ ᠬᠠᠮᠳᠤᠷᠠᠯᠴᠠᠭᠠᠨ ᠤ ᠵᠥᠪᠳᠡᠯᠴᠡᠭᠡᠷ ᠲᠤ ᠭᠠᠷ ᠤᠨ ᠦᠰᠦᠭ ᠵᠢᠷᠤᠵᠠᠢ᠃ ᠵᠥᠪᠳᠡᠯᠴᠡᠭᠡᠷ ᠢ ᠦᠨᠳᠦᠰᠦᠯᠡᠪᠡᠯ᠂ ᠬᠤᠲᠠ ᠪᠤᠯᠤᠨ ᠰᠤᠷᠭᠠᠭᠤᠯᠢ ᠬᠤᠶᠠᠷ ᠲᠠᠯ᠎ᠠ ᠪᠠᠷ ᠢᠶᠠᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠬᠤ᠂ ᠰᠤᠷᠭᠠᠭᠤᠯᠢ ᠬᠢᠭᠡᠳ ᠰᠤᠷᠭᠠᠭᠤᠯᠢ ᠬᠤᠯᠪᠣᠭᠠᠯᠠᠨ ᠬᠥᠳᠡᠯᠦᠯᠴᠡᠵᠦ ᠬᠠᠮᠲᠤ ᠪᠠᠷ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠴᠤᠭᠴᠠᠯᠠᠬᠤ᠂ ᠴᠢᠳᠠᠪᠤᠷᠢᠲᠠᠨ ᠤ ᠰᠣᠯᠢᠯᠴᠠᠭ᠎ᠠ ᠶᠢ ᠬᠥᠮᠦᠵᠢᠭᠦᠯᠬᠦ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠪᠣᠯᠤᠨ᠎ᠠ᠃    ᠭᠤᠤ ᠸᠧᠨ ᠾᠧ᠂ ᠬᠤᠸᠠ ᠷᠦᠢ ᠹᠧᠩ᠂ ᠡᠷᠳᠡᠨᠢᠪᠢᠯᠢᠭ ᠵᠥᠪᠳᠡᠯᠴᠡᠭᠡᠷ ᠲᠤ ᠤᠷᠤᠯᠴᠠᠪᠠ᠃ 
ᠢᠷᠡᠯᠲᠡ᠄ ᠤᠷᠳᠤᠰ ᠤᠨ ᠡᠳᠦᠷ ᠤᠨ ᠰᠤᠨᠢᠨ