1000 ᠮᠦ ᠶᠢᠨ ᠨᠠᠯᠠᠨ ᠤᠨᠠᠬᠤ ᠶᠢ ᠳᠠᠭᠠᠭᠠᠬᠤ ᠥᠨᠳᠤᠷ ᠨᠢᠭᠳᠠᠴᠠ ᠲᠠᠢ ᠡᠷᠳᠡᠨᠢ ᠰᠢᠰᠢ ᠶᠢᠨ ᠲᠦᠷᠦᠯ ᠵᠦᠢᠯ ᠡᠯᠪᠡᠭ ᠬᠤᠷᠢᠶᠠᠯᠲᠠ ᠤᠯᠪᠠ
ᠨᠡᠶᠢᠲᠡᠯᠡᠭᠰᠡᠨ ᠴᠠᠭ᠄
2023/12/4
    ᠤᠯᠵᠠᠴᠢ ᠶᠢᠨ ᠮᠡᠳᠡᠭᠡ ᠡᠨᠡ ᠵᠢᠯ ᠠᠴᠠ ᠨᠠᠭᠠᠰᠢ᠂ ᠤᠳᠤᠭ ᠤᠨ ᠡᠮᠦᠨᠡᠲᠦ ᠬᠤᠰᠢᠭᠤ ᠨᠢ ᠮᠠᠨ ᠱᠦᠢ ᠲᠠᠩ ᠲᠣᠰᠬᠤᠨ ᠳᠤ 1000 ᠮᠦ ᠰᠢᠯᠢᠳᠡᠭ ᠥᠨᠳᠥᠷ ᠦᠷ᠎ᠡ ᠠᠰᠢᠭ ᠲᠠᠢ ᠡᠷᠳᠡᠨᠢ ᠰᠢᠰᠢ ᠶᠢᠨ ᠤᠨᠠᠯᠳᠡ ᠶᠢ ᠨᠡᠮᠡᠭᠳᠡᠭᠦᠯᠬᠦ ᠲᠠᠭᠤᠷᠢᠶᠠᠯ ᠦᠵᠡᠭᠦᠯᠬᠦ ᠣᠷᠣᠨ ᠢ ᠪᠠᠶᠢᠭᠤᠯᠵᠤ᠂ ᠤᠨᠠᠯᠲᠠ ᠶᠢ ᠬᠡᠮᠵᠢᠬᠦ ᠪᠠᠷ ᠳᠠᠮᠵᠢᠭᠤᠯᠤᠨ᠂ ᠰᠢᠯᠢᠳᠡᠭ ᠲᠦᠷᠦᠯ ᠵᠦᠢᠯ ᠢ ᠤᠯᠠᠮ ᠴᠢᠨᠠᠭᠰᠢᠳᠠ ᠳᠡᠯᠭᠡᠷᠡᠭᠦᠯᠵᠦ᠂ ᠰᠢᠨ᠎ᠡ ᠮᠡᠷᠭᠡᠵᠢᠯ ᠢ ᠲᠤᠷᠰᠢᠨ᠂ ᠰᠢᠨ᠎ᠡ ᠵᠠᠭᠪᠤᠷ ᠢ ᠳᠡᠯᠭᠡᠨ ᠦᠵᠡᠭᠦᠯᠵᠦ᠂ ᠲᠠᠭᠤᠷᠢᠶᠠᠯ ᠦᠵᠡᠭᠦᠯᠬᠦ ᠣᠷᠣᠨ ᠢ ᠥᠪᠡᠷ ᠤᠨ ᠦᠷᠳᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠦᠷ᠎ᠡ ᠪᠦᠲᠦᠮᠵᠢ ᠲᠠᠢ ᠪᠤᠯᠭᠠᠵᠦ᠂ ᠲᠠᠷᠢᠶᠠᠴᠢᠨ ᠡᠷᠦᠬᠡ ᠳᠤ ᠰᠢᠯᠢᠳᠡᠭ ᠥᠨᠳᠥᠷ ᠦᠷ᠎ᠡ ᠠᠰᠢᠭ ᠲᠠᠢ ᠲᠠᠷᠢᠮᠠᠯ ᠤᠨ ᠥᠯᠢᠬᠡᠷ ᠲᠠᠭᠤᠷᠢᠶᠠᠯ ᠢ ᠦᠵᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠭᠤᠷᠢᠶᠠᠯ ᠦᠵᠡᠭᠦᠯᠬᠦ ᠣᠷᠣᠨ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃     ᠮᠠᠨ ᠱᠦᠢ ᠲᠠᠩ ᠲᠣᠰᠬᠤᠨ ᠤ ᠨᠢᠭᠡᠳᠦᠭᠡᠷ ᠬᠤᠷᠰᠢᠶ᠎ᠠ ᠶᠢᠨ ᠲᠠᠷᠢᠮᠠᠯ ᠤᠨ ᠡᠷᠦᠬᠡ ᠮᠠ ᠵᠠᠨ ᠬᠤᠸᠠ ᠶᠢᠨ ᠬᠤᠷᠰᠢᠶᠠᠵᠢᠯ ᠤᠨ ᠲᠠᠷᠢᠭᠰᠠᠨ 1000 ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠨᠠᠯᠠᠨ ᠤᠨᠠᠬᠤ ᠶᠢ ᠳᠠᠭᠠᠭᠠᠬᠤ ᠥᠨᠳᠤᠷ ᠨᠢᠭᠳᠠᠴᠠ ᠲᠠᠢ ᠡᠷᠳᠡᠨᠢ ᠰᠢᠰᠢ ᠶᠢᠨ ᠲᠥᠷᠥᠯ ᠵᠦᠢᠯ ᠡᠯᠪᠡᠭ ᠬᠤᠷᠢᠶᠠᠯᠲᠠ ᠤᠯᠪᠠ᠃ ᠲᠤᠰ ᠲᠥᠷᠥᠯ ᠵᠦᠢᠯ ᠨᠢ ᠤᠳᠤᠭ ᠤᠨ ᠡᠮᠤᠨᠡᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠠᠴᠠ ᠮᠡᠷᠭᠡᠵᠢᠯ ᠤᠨ ᠬᠠᠪᠰᠤᠷᠤᠯᠭ᠎ᠠ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠭᠰᠠᠨ ᠤ ᠬᠠᠮᠲᠤ ᠬᠤᠷᠰᠢᠶᠠᠵᠢᠯ ᠳᠤ ᠮᠥ ᠪᠦᠷᠢ 300 ᠲᠥᠭᠦᠷᠢᠭ ᠤᠨ ᠨᠥᠬᠦᠪᠥᠷᠢ ᠣᠯᠭᠤᠪᠠ᠃ ᠡᠬᠦᠨ ᠳᠤ ᠡᠷᠳᠡᠨᠢ ᠰᠢᠰᠢ ᠶᠢᠨ ᠦᠷ᠎ᠡ᠂ ᠪᠣᠷᠲᠣᠭᠤᠷ ᠪᠠ ᠲᠠᠷᠢᠶᠠᠨ ᠡᠮ ᠵᠡᠷᠭᠡ ᠶᠢ ᠪᠠᠭᠳᠠᠭᠠᠨ᠎ᠠ᠃ ᠲᠠᠷᠢᠶᠠᠯᠠᠩ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠪᠣᠯᠤᠨ ᠲᠠᠷᠢᠶᠠᠴᠢᠨ ᠡᠷᠦᠬᠡ ᠲᠣᠭᠲᠠᠭᠰᠠᠨ ᠴᠡᠭ ᠤᠨ ᠡᠷᠳᠡᠨᠢ ᠰᠢᠰᠢ ᠶᠢᠨ ᠰᠠᠭᠤᠷᠢ ᠶᠢᠨ ᠲᠤᠭ᠎ᠠ᠂ ᠲᠦᠷᠦᠭᠦᠥ ᠶᠢᠨ ᠲᠤᠭ᠎ᠠ᠂ ᠲᠦᠷᠦᠭᠦᠥ ᠶᠢᠨ ᠬᠦᠨᠳᠦ᠂ ᠮᠥᠬᠦᠯᠢᠭ ᠤᠨ ᠬᠦᠨᠳᠦ᠂ ᠤᠰᠤᠨ ᠤ ᠠᠭᠤᠯᠤᠭᠳᠠᠴᠠ ᠵᠡᠷᠭᠡ ᠶᠢ ᠬᠡᠮᠵᠢᠬᠦ ᠪᠠᠷ ᠳᠡᠮᠵᠢᠭᠤᠯᠤᠨ᠂ ᠡᠷᠳᠡᠨᠢ ᠰᠢᠰᠢ ᠶᠢᠨ ᠮᠥ ᠪᠦᠷᠢ ᠶᠢᠨ ᠤᠨᠠᠯᠲᠠ ᠶᠢ ᠣᠨᠣᠪᠴᠢᠲᠠᠶ ᠪᠤᠳᠤᠵᠤ ᠭᠠᠷᠭᠠᠬᠤ ᠪᠤᠯᠤᠨ᠎ᠠ᠃ ᠮᠠ ᠵᠠᠨ ᠬᠤᠸᠠ᠄ ︽ᠡᠨᠡ ᠵᠢᠯ ᠤᠨ ᠡᠷᠳᠡᠨᠢ ᠰᠢᠰᠢ ᠶᠢᠨ ᠮᠦ ᠪᠦᠷᠢ ᠶᠢᠨ ᠤᠨᠠᠯᠲᠠ ᠥᠡᠭᠭᠡᠷᠡᠭᠰᠡᠨ ᠵᠢᠯ ᠤᠳ ᠠᠴᠠ ᠰᠠᠶᠢᠨ ᠪᠤᠯᠪᠠ᠃ ᠨᠢᠳᠤᠨᠤᠨ ᠤ ᠤᠨᠠᠯᠳᠡ ᠨᠢ 1800 ᠵᠢᠩ ᠠᠴᠠ 2000 ᠵᠢᠩ ᠪᠠᠶᠢᠭᠰᠠᠨ ᠪᠤᠯ ᠡᠨᠡ ᠵᠢᠯ ᠮᠦ ᠪᠦᠷᠢ ᠳᠡᠭᠡᠨ 2600 ᠵᠢᠩ ᠣᠷᠴᠢᠮ ᠬᠦᠷᠦᠭᠰᠡᠨ ᠤᠴᠢᠷ ᠠᠴᠠ ᠣᠷᠣᠯᠭ᠎ᠠ ᠴᠤ ᠨᠡᠯᠢᠶᠠᠳ ᠨᠡᠮᠡᠭᠳᠡᠯ ᠲᠠᠢ ᠪᠤᠯᠵᠠᠢ︾ ᠬᠡᠵᠥ ᠪᠠᠶᠠᠷᠳᠠᠶᠢᠬᠠᠨ ᠶᠠᠷᠢᠨ᠋᠎ᠠ᠃     ᠤᠨᠠᠯᠳᠡ ᠶᠢᠨ ᠲᠤᠭ᠎ᠠ ᠪᠠᠷᠢᠮᠲᠠ ᠳᠤ ᠢᠯᠡᠷᠡᠬᠦᠯᠣᠭ᠍ᠰᠡᠨ ᠢᠶᠠᠷ᠂ ᠨᠠᠯᠠᠨ ᠤᠨᠠᠬᠤ ᠶᠢ ᠳᠠᠭᠠᠭᠠᠬᠤ ᠥᠨᠳᠤᠷ ᠨᠢᠭᠳᠠᠴᠠ ᠲᠠᠢ ᠡᠷᠳᠡᠨᠢ ᠰᠢᠰᠢ ᠶᠢᠨ ᠲᠥᠷᠥᠯ ᠵᠦᠢᠯ ᠤᠨ ᠮᠥ ᠪᠦᠷᠢ ᠶᠢᠨ ᠤᠨᠠᠯᠲᠠ 2600 ᠵᠢᠩ ᠣᠷᠴᠢᠮ ᠬᠦᠷᠴᠦ᠂ ᠪᠤᠰᠤᠳ ᠡ᠊ᠩ ᠤᠨ ᠲᠠᠷᠢᠶᠠᠴᠢᠨ ᠡᠷᠦᠬᠡ ᠶᠢᠨ ᠲᠠᠷᠢᠮᠠᠯ ᠤᠨ ᠤᠨᠠᠯᠳᠡ ᠠᠴᠠ 300 ᠵᠢᠩ ᠣᠷᠴᠢᠮ ᠢᠯᠡᠬᠦᠥ ᠪᠠᠶᠢᠵᠥ᠂ ᠠᠮᠤ ᠪᠤᠳᠠᠭ᠎ᠠ ᠶᠢ ᠨᠡᠮᠡᠭᠳᠡᠭᠦᠯᠤᠨ᠂ ᠠᠷᠠᠳ ᠣᠯᠠᠨ ᠳᠤ ᠦᠨᠡᠨ ᠪᠣᠳᠠᠲᠠᠶ ᠠᠰᠢᠭ ᠬᠤᠨᠵᠢᠪᠤᠷᠢ ᠤᠯᠭᠤᠪᠠ᠃ ᠡᠨᠡ ᠨᠢ ᠠᠮᠤ ᠪᠤᠳᠠᠭ᠎ᠠ ᠶᠢ ᠭᠠᠵᠠᠷ ᠲᠠᠷᠢᠶ᠎ᠠ ᠳᠤ ᠲᠦᠰᠢᠭᠯᠡᠵᠦ᠂ ᠮᠡᠷᠭᠡᠵᠢᠯ ᠳᠤ ᠲᠦᠰᠢᠭᠯᠡᠬᠦ ᠶᠢ ᠦᠨᠡᠨ ᠬᠦ ᠪᠡᠶᠡᠯᠡᠭᠦᠯᠵᠥ᠂ ᠲᠠᠯᠠᠪᠠᠶ ᠶᠢ ᠲᠣᠭᠲᠠᠪᠤᠷᠢᠵᠢᠭᠤᠯᠤᠨ᠂ ᠤᠨᠠᠯᠳᠡ ᠶᠢ ᠪᠠᠳᠤᠯᠠᠵᠠᠢ᠃ 
ᠢᠷᠡᠯᠲᠡ᠄ ᠤᠷᠳᠤᠰ ᠤᠨ ᠡᠳᠤᠷ ᠤᠨ ᠰᠤᠨᠢᠨ