ᠰᠦᠯᠵᠢᠶ᠎ᠡ ᠥᠬᠡᠶ ᠴᠠᠬᠢᠯᠭᠠᠨ ᠦᠭᠡᠢ ᠪᠠᠶᠢᠳᠠᠯ ᠲᠤᠤᠷ᠎ᠠ ᠭᠠᠷ ᠤᠲᠠᠰᠤ ᠪᠠᠷ ᠲᠣᠭᠠᠴᠠᠭ᠎ᠠ ᠬᠢᠵᠦ ᠪᠣᠯᠤᠨ᠎ᠠ ᠤᠤ︖ ᠰᠢᠨ᠎ᠡ ᠴᠢᠳᠠᠮᠵᠢ ᠭᠠᠷᠴᠤ ᠢᠷᠡᠪᠡ︕
ᠨᠡᠶᠢᠲᠡᠯᠡᠭᠰᠡᠨ ᠴᠠᠭ᠄
2023/2/2
     ᠲᠦᠷᠦᠭᠦᠬᠡᠨ᠂ ᠴᠤ᠋ ᠰᠢᠨ᠎ᠡ ᠳᠡᠰ ᠳᠡᠪᠰᠢᠭᠰᠡᠨ ᠲᠣᠭᠠᠴᠢᠯᠠᠭᠰᠠᠨ ᠠᠷᠠᠳ ᠤᠨ ᠵᠣᠭᠤᠰ ᠤᠨ App ᠳᠤ ᠰᠢᠨ᠎ᠡ  ᠪᠠᠷ ᠤᠷᠤᠭᠤᠯᠤᠬᠰᠠᠨ ᠰᠦᠯᠵᠢᠶ᠎ᠡ ᠥᠬᠡᠶ ᠴᠠᠬᠢᠯᠭᠠᠨ ᠥᠬᠡᠶ ᠪᠠᠶᠢᠳᠠᠯ ᠲᠤᠤᠷ᠎ᠠ ᠲᠣᠭᠠᠴᠠᠭ᠎ᠠ ᠬᠢᠬᠦ ᠴᠢᠳᠠᠮᠵᠢ  ᠨᠢ ᠬᠥᠮᠦᠰ ᠤᠨ ᠠᠩᠬᠠᠷᠤᠯ ᠢ ᠶᠡᠬᠡᠳᠡ ᠲᠠᠳᠠᠪᠡ᠃ ᠬᠡᠰᠡᠭ ᠬᠡᠷᠡᠭᠯᠡᠭᠴᠢ ᠲᠣᠭᠠᠴᠢᠯᠠᠭᠰᠠᠨ ᠠᠷᠠᠳ ᠤᠨ ᠵᠣᠭᠤᠰ ᠤᠨ App ᠤᠨ ᠬᠠᠲᠠᠭᠤ ᠵᠣᠭᠤᠰᠣᠨ ᠪᠣᠭᠴᠣ ᠶᠢᠨ ︽ᠲᠣᠭᠠᠴᠠᠭ᠎ᠠ ᠬᠢᠬᠦ ᠲᠣᠬᠢᠷᠠᠭᠤᠯᠤᠯᠲᠠ︾ ᠳᠤ ᠲᠣᠰ ᠴᠢᠳᠠᠮᠵᠢ ᠶᠢ ᠡᠬᠢᠯᠡᠨ ᠬᠡᠷᠡᠭᠯᠡᠭᠰᠡᠨ ᠤ ᠳᠠᠷᠠᠭ᠎ᠠ᠂ ᠭᠠᠷ ᠤᠲᠠᠰᠤ ᠪᠠᠨ ᠬᠠᠭᠠᠵᠦ ᠪᠠᠶᠢᠭ᠎ᠠ ᠪᠠᠶᠢᠳᠠᠯ ᠳᠤᠤᠷ᠎ᠠ ᠴᠤ ᠭᠡᠳ ︽ᠭᠠᠷ ᠢᠶᠠᠨ ᠬᠦᠷᠭᠡᠭᠡᠳ ᠠᠪᠤᠪᠠᠯ︾ ᠮᠦᠨ ᠬᠦ ᠲᠣᠭᠠᠴᠠᠭ᠎ᠠ ᠬᠢᠵᠦ ᠪᠤᠯᠵᠤ ᠪᠠᠶᠢᠨ᠎ᠠ᠃      ᠭᠠᠷ ᠤᠲᠠᠰᠤᠨ ᠤ ᠴᠠᠬᠢᠯᠭᠠᠨ ᠨᠢ ︽ᠦᠭᠡᠢ ᠪᠤᠯᠤᠮᠠᠷ︾ ᠦᠶ᠎ᠡ ᠳᠤ᠂ ᠲᠣᠭᠠᠴᠠᠭ᠎ᠠ ᠬᠢᠬᠦ ᠪᠠᠴᠢᠮ ᠲᠤᠯᠭᠠᠮ ᠭᠡᠷᠡᠭᠴᠡᠭᠡ ᠱᠠᠭᠠᠷᠳᠠᠯᠭ᠎ᠠ ᠪᠣᠯᠤᠭᠰᠠᠨ ᠪᠠᠶᠢᠳᠠᠯ ᠲᠤᠤᠷ᠎ᠠ᠂ ᠬᠡᠷᠡᠭᠯᠡᠭᠴᠢᠳ ᠲᠣᠭᠠᠴᠢᠯᠠᠭᠰᠠᠨ ᠠᠷᠠᠳ ᠤᠨ ᠵᠣᠭᠤᠰ ᠤᠨ App ᠶᠢᠨ ᠳᠣᠲᠣᠷᠠᠬᠢ ᠰᠦᠯᠵᠢᠶ᠎ᠡ ᠥᠬᠡᠶ ᠴᠠᠬᠢᠯᠭᠠᠨ ᠦᠭᠡᠢ ᠪᠠᠶᠢᠳᠠᠯ ᠲᠤᠤᠷ᠎ᠠ ᠲᠣᠭᠠᠴᠠᠭ᠎ᠠ ᠬᠢᠬᠦ ᠴᠢᠳᠠᠮᠵᠢ ᠶᠢ ᠨᠡᠭᠡᠭᠡᠵᠦ ᠪᠣᠯᠬᠤ ᠶᠢᠨ ᠬᠠᠮᠲᠤ᠂ ᠪᠠᠶᠢᠭᠤᠯᠤᠯᠭ᠎ᠠ ᠪᠠᠨ ᠪᠠᠶᠢᠷᠢᠯᠠᠭᠤᠯᠤᠬᠰᠠᠨ ᠤ ᠳᠠᠷᠠᠭ᠎ᠠ ᠲᠣᠭᠠᠴᠠᠭ᠎ᠠ ᠬᠢᠬᠦ ᠤᠳᠠᠭ᠎ᠠ ᠪᠠ ᠲᠤᠭ᠎ᠠ ᠬᠡᠮᠵᠢᠶ᠎ᠡ ᠪᠠᠨ ᠲᠣᠬᠢᠷᠠᠭᠤᠯᠪᠡᠯ᠂ ᠨᠢᠭᠡ ᠦᠶ᠎ᠡ ᠰᠦᠯᠵᠢᠶ᠎ᠡ ᠥᠬᠡᠶ ᠴᠠᠬᠢᠯᠭᠠᠨ ᠦᠭᠡᠢ ᠭᠡᠵᠦ ᠭᠠᠴᠢᠬᠳᠠᠵᠤ ᠪᠠᠶᠢᠬᠰᠠᠨ ᠭᠡᠷᠡᠭᠯᠡᠭᠴᠢ ᠲᠣᠭᠠᠴᠠᠭ᠎ᠠ ᠬᠢᠬᠦ ᠳᠤ ᠲᠤᠯᠭᠠᠷᠠᠬᠰᠠᠨ ᠬᠦᠴᠢᠷ ᠠᠰᠠᠭᠤᠳᠠᠯ ᠢᠶᠠᠨ ᠰᠢᠢᠳᠪᠦᠷᠢᠯᠡᠵᠦ ᠪᠣᠯᠤᠨ᠎ᠠ᠃      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠣᠰ ᠴᠢᠳᠠᠮᠵᠢ ᠨᠢ ᠳᠡᠯᠭᠡᠷᠡᠭᠦᠯᠬᠦ ᠡᠬᠢᠨ ᠤ ᠬᠤᠭᠤᠴᠠᠭᠠᠨ  ᠳᠠᠭᠠᠨ ᠪᠠᠶᠢᠨ᠎ᠠ᠂ ᠣᠳᠣᠬᠠᠨ ᠳᠤ ᠵᠥᠪᠬᠡᠨ ᠠᠨ ᠵᠦᠸᠧ ᠭᠠᠷ ᠤᠲᠠᠰᠤᠨ ᠤ ᠰᠢᠰᠲ᠋ᠧᠮ ᠢ ᠬᠡᠷᠡᠭᠯᠡᠵᠦ ᠪᠠᠶᠢᠭ᠎ᠠ ᠬᠡᠰᠡᠭ ᠮᠠᠰᠢᠨ ᠤ ᠬᠡᠯᠪᠡᠷᠢ ᠶᠢ ᠳᠡᠮᠵᠢᠵᠦ ᠪᠤᠢ᠂ ᠢᠷᠡᠭᠡᠳᠦᠢ ᠳᠤ ᠨᠠᠩ ᠣᠯᠠᠨ ᠡᠶᠢᠮᠦ ᠬᠡᠯᠪᠡᠷᠢ ᠶᠢᠨ ᠮᠠᠰᠢᠨ ᠳᠤ ᠣᠷᠣᠭᠤᠯᠬᠤ ᠪᠣᠯᠤᠨ᠎ᠠ᠃  
ᠢᠷᠡᠯᠲᠡ᠄ ᠠᠷᠠᠳ ᠤᠨ ᠰᠦᠯᠵᠢᠶ᠎ᠡ