ᠤᠯᠤᠰ ᠤᠨ ᠰᠢᠤᠳᠠᠨ ᠤ ᠲᠣᠪᠴᠢᠶ᠎ᠠ᠄ ᠬᠤᠸᠠᠷ ᠫᠤᠤᠵᠢᠩ ᠢ ᠢᠯᠡᠭᠡᠨ ᠲᠠᠮᠵᠢᠭᠤᠯᠵᠤ ᠪᠣᠯᠬᠤ ᠥᠬᠡᠶ
ᠨᠡᠶᠢᠲᠡᠯᠡᠭᠰᠡᠨ ᠴᠠᠭ᠄
2023/2/2
                      ᠣᠶᠢᠷ᠎ᠠ ᠳᠤ᠂ ᠬᠠᠤᠯᠢ ᠶᠢ ᠵᠥᠷᠢᠴᠡᠨ ᠬᠤᠸᠠᠷ ᠫᠤᠤᠵᠢᠩ ᠢᠯᠡᠭᠡᠬᠦ ᠵᠡᠷᠭᠡ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠤᠨ ᠲᠦᠭᠰᠢᠭᠦᠷᠢ ᠶᠢᠨ ᠳᠠᠯᠳᠠ ᠬᠡᠮ ᠤᠨ ᠠᠰᠠᠭᠤᠳᠠᠯ ᠳᠤ ᠴᠢᠭᠯᠡᠭᠦᠯᠦᠨ᠂ ᠤᠯᠤᠰ ᠤᠨ ᠰᠢᠤᠳᠠᠨ ᠤ ᠲᠣᠪᠴᠢᠶ᠎ᠠ ᠮᠡᠳᠡᠭᠳᠡᠯ ᠭᠠᠷᠭᠠᠪᠠ᠃               ᠮᠡᠳᠡᠭᠳᠡᠯ ᠳᠤ᠂ ᠡᠯ᠎ᠡ ᠭᠠᠵᠠᠷ ᠤᠨ ᠰᠢᠦᠳᠠᠨ ᠤ ᠬᠠᠮᠢᠶᠠᠷᠤᠯᠲᠠ ᠶᠢᠨ  ᠰᠠᠯᠠᠭ᠎ᠠ ᠮᠥᠴᠢᠷ᠂  ᠡᠯ᠎ᠡ ᠠᠵᠤ ᠠᠬᠤᠶᠢᠯᠠᠯ ᠬᠤᠸᠠᠷ ᠫᠤᠤᠵᠢᠩ ᠵᠡᠷᠭᠡ ᠨᠣᠴᠣᠮᠠᠲᠠᠭᠠᠢ ᠳᠡᠯᠪᠡᠷᠡᠮᠡᠲᠡᠭᠡᠢ ᠡᠳ᠋ ᠪᠣᠳᠠᠰ ᠢ ᠢᠯᠡᠬᠡᠨ ᠳᠠᠮᠵᠢᠭᠤᠯᠬᠤ ᠶᠢ ᠬᠠᠮᠢᠶᠠᠷᠤᠨ ᠡᠵᠡᠮᠳᠡᠬᠦ ᠶᠢᠨ ᠴᠢᠬᠤᠯᠠ ᠴᠢᠨᠠᠷ ᠪᠠ ᠲᠤᠯᠭᠠᠮ ᠴᠢᠨᠠᠷ ᠢ ᠭᠦᠢᠴᠡᠳ ᠲᠠᠨᠢᠵᠤ᠂  ᠵᠢᠯ ᠤᠨ  ᠡᠴᠦᠰ  ᠪᠠ  ᠤᠨ  ᠤ  ᠡᠬᠢᠨ ᠤ  ᠠᠶᠤᠯᠭᠦᠢ ᠦᠢᠯᠡᠳᠪᠦᠷᠢᠯᠡᠯ ᠤᠨ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠳᠠᠷᠤᠢ ᠲᠦᠷᠭᠡᠨ ᠪᠠᠶᠢᠷᠢᠯᠠᠭᠤᠯᠤᠯᠲᠠ ᠶᠢ ᠤᠯᠠᠮᠵᠢᠯᠠᠵᠦ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠦ᠂ ᠳᠠᠷᠤᠯᠲᠠ ᠶᠢ ᠱᠠᠳᠤ ᠱᠠᠳᠤ ᠪᠠᠷ ᠳᠠᠮᠵᠢᠭᠤᠯᠵᠤ᠂ ᠬᠠᠤᠯᠢ ᠪᠤᠰᠤ ᠡᠲᠡᠭᠡᠳ ‍ᠤᠨ‌ᠢᠯᠡᠬᠡᠨ ᠳᠠᠮᠵᠢᠭᠤᠯᠬᠤ ᠠᠷᠭ᠎ᠠ ᠵᠠᠮ ᠢ ᠠᠰᠢᠭᠯᠠᠨ ᠬᠠᠤᠯᠢ ᠠᠴᠠ  ᠵᠥᠷᠢᠴᠡᠭᠦ  ᠶᠠᠯᠠᠲᠤ  ᠠᠵᠢᠯᠯᠠᠭ᠎ᠠ ᠬᠢᠬᠦ ᠶᠢ ᠴᠢᠩᠭ᠎ᠠ ᠰᠡᠷᠭᠡᠶᠢᠯᠡᠵᠦ᠂ ᠢᠯᠡᠬᠡᠨ ᠳᠠᠮᠵᠢᠭᠤᠯᠵᠤ ᠦᠯᠦ ᠪᠤᠯᠬᠤ ᠡᠳ᠋ ᠪᠣᠳᠠᠰ ᠢ  ᠢᠯᠡᠭᠡᠵᠦ  ᠲᠠᠮᠵᠢᠭᠤᠯᠬᠤ  ᠵᠠᠮ ᠳᠤ ᠣᠷᠣᠭᠤᠯᠤᠬᠰᠠᠨ ᠠᠴᠠ ᠪᠤᠯᠵᠤ ᠠᠮᠤᠷ ᠲᠦᠪᠰᠢᠨ ᠤ ᠬᠦᠨᠳᠦ ᠶᠡᠭᠡ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ ᠬᠡᠵᠦ ᠵᠢᠭᠠᠵᠤ ᠭᠠᠷᠭᠠᠪᠠ᠃ ᠮᠡᠳᠡᠭᠳᠡᠯ ᠳᠤ᠂ ᠡᠯ᠎ᠡ ᠠᠵᠤ  ᠠᠬᠤᠶᠢᠯᠠᠯ ᠠᠶᠤᠯᠭᠦᠶ ᠦᠢᠯᠡᠳᠪᠦᠷᠢᠯᠡᠯ ᠤᠨ  ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠶᠡᠷᠦᠩᠬᠡᠶ ᠬᠡᠯᠲᠡᠰ ‍ᠤᠨ‌ᠠᠮᠤᠷ ᠲᠦᠪᠰᠢᠨ ᠤ ᠪᠠᠲᠤᠯᠠᠭ᠎ᠠ᠂ ᠨᠢᠭᠡᠳᠦᠯᠲᠡᠶ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠡᠨ ᠨᠡᠷ᠎ᠡ ᠪᠠᠷ ᠬᠤᠷᠢᠶᠠᠨ ᠠᠪᠴᠤ ᠢᠯᠡᠭᠡᠨ ᠲᠠᠮᠵᠢᠭᠤᠯᠬᠤ᠂ ᠬᠤᠷᠢᠶᠠᠨ ᠠᠪᠴᠤ ᠢᠯᠡᠭᠡᠬᠦ ᠳᠡᠭᠡᠨ ᠰᠢᠯᠭᠠᠨ ᠦᠵᠡᠬᠦ᠂ ᠮᠠᠰᠢᠨ ᠢᠶᠠᠷ ᠠᠮᠤᠷ ᠲᠦᠪᠰᠢᠨ ᠤ  ᠪᠠᠶᠢᠴᠠᠭᠠᠯᠲᠠ  ᠬᠢᠬᠦ  ︽ᠭᠤᠷᠪᠠᠨ ᠵᠦᠢᠯ ᠤᠨ ᠲᠦᠷᠢᠮ︾ ᠢ ᠡᠷᠡᠰ ᠬᠡᠷᠡᠭᠵᠢᠭᠦᠯᠵᠦ᠂ ᠳᠠᠷᠤᠶ ᠲᠦᠷᠭᠡᠨ ᠪᠥᠬᠦ ᠰᠦᠯᠵᠢᠶ᠎ᠡ ᠶᠢᠨ ᠬᠢᠨ ᠢ ᠵᠣᠬᠢᠶᠠᠨ ᠪᠠᠶᠢᠭᠤᠯᠵᠤ ᠪᠠᠶᠢᠭᠠᠳ ᠪᠥᠬᠦ ᠲᠠᠯ᠎ᠠ ᠪᠠᠷ ᠥᠪᠡᠰᠦᠪᠡᠨ ᠪᠠᠶᠢᠴᠠᠭᠠᠬᠤ ᠪᠠ ᠲᠥᠪᠯᠡᠷᠡᠭᠦᠯᠦᠨ ᠴᠡᠭᠴᠡᠯᠡᠨ  ᠵᠠᠰᠠᠵᠤ᠂  ᠬᠤᠸᠠᠷ ᠫᠤᠤᠵᠢᠩ᠂  ᠲᠣᠭᠯᠠᠭᠠᠮ ᠤᠨ ᠲᠥᠷᠥᠯ ᠤᠨ ᠬᠤᠸᠠᠷ ᠫᠤᠤᠵᠢᠩ᠂ ︽ᠬᠦᠢᠳᠡᠨ ᠭᠡᠷᠡᠯᠲᠦ ᠬᠤᠸᠠᠷ ᠫᠤᠤᠵᠢᠩ︾᠂  ︽ᠪᠣᠯᠣᠳ ᠰᠢᠷᠬᠡᠭᠳᠦ  ᠬᠥᠪᠥᠩ ᠬᠤᠸᠠᠷ ᠫᠤᠤᠵᠢᠩ︾ ᠵᠡᠷᠭᠡ ᠨᠣᠴᠣᠮᠠᠲᠠᠭᠠᠶ ᠳᠡᠯᠪᠡᠷᠡᠮᠡᠲᠡᠭᠡᠶ ᠡᠳ᠋ ᠪᠣᠳᠠᠰ ᠢ ᠪᠠᠶᠢᠴᠠᠭᠠᠵᠤ ᠰᠡᠷᠭᠡᠶᠢᠯᠡᠨ ᠡᠵᠡᠮᠳᠡᠬᠦ ᠪᠠᠨ  ᠴᠢᠩᠭᠠᠳᠬᠠᠬᠤ ᠬᠡᠷᠡᠭᠲᠡᠶ᠃  ᠵᠥᠪᠯᠡᠯᠴᠡᠭᠡᠷ ᠲᠠᠢ ᠬᠡᠷᠡᠭᠯᠡᠭᠴᠢᠳ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠡᠮᠦᠨ᠎ᠡ ᠹᠷᠣᠨᠲ ᠤᠨ ᠠᠵᠢᠯ ᠡᠷᠭᠢᠯᠡᠭᠰᠡᠳ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠢᠯᠠᠩᠭᠤᠶ᠎ᠠ ᠬᠤᠨᠠᠨ᠂ ᠵᠢᠶᠠᠩᠰᠢ ᠵᠡᠷᠭᠡ ᠬᠤᠸᠠᠷ ᠫᠤᠤᠵᠢᠩ ᠤᠨ ᠦᠢᠯᠡᠳᠪᠦᠷᠢᠯᠡᠯ ᠪᠣᠷᠣᠯᠠᠭᠤᠯᠭ᠎ᠠ ᠲᠥᠪᠯᠡᠷᠡᠭᠰᠡᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠤᠨ ᠡᠷᠴᠢᠮ ᠢ ᠴᠢᠩᠭᠠᠷᠠᠭᠤᠯᠵᠤ᠂ ᠬᠤᠸᠠᠷ ᠫᠤᠤᠵᠢᠩ ᠵᠡᠷᠭᠡ ᠨᠣᠴᠣᠮᠠᠲᠠᠭᠠᠶ ᠳᠡᠯᠪᠡᠷᠡᠮᠡᠲᠡᠭᠡᠶ ᠡᠳ᠋ ᠪᠣᠳᠠᠰ ᠢ ᠦᠢᠯᠡᠳᠪᠦᠷᠢᠯᠡᠵᠦ ᠪᠤᠷᠤᠯᠠᠭᠤᠯᠳᠠᠭ ᠭᠡᠷᠡᠭᠯᠡᠭᠴᠢᠳ ᠲᠤ ᠢᠯᠡᠬᠡᠨ ᠳᠠᠮᠵᠢᠭᠤᠯᠬᠤ  ᠦᠢᠯᠡᠴᠢᠯᠡᠭᠡ  ᠬᠠᠩᠭᠠᠵᠤ  ᠪᠣᠯᠬᠤ ᠥᠬᠡᠶ ᠭᠡᠵᠦ ᠱᠠᠭᠠᠷᠳᠠᠵᠠᠢ᠃   
ᠢᠷᠡᠯᠲᠡ᠄ ᠠᠷᠠᠳ ᠤᠨ ᠰᠦᠯᠵᠢᠶ᠎ᠡ