ᠦᠷᠨᠢᠬᠦᠨ ᠬᠦᠭᠵᠢᠯᠲᠠ ᠲᠠᠢ ᠰᠤᠬᠠᠶᠢᠲᠦ ᠶᠢᠨ ᠲᠤᠬᠤᠢ ᠲᠤᠰᠬᠤᠨ
ᠨᠡᠶᠢᠲᠡᠯᠡᠭᠰᠡᠨ ᠴᠠᠭ᠄
2023/2/2
       ᠵᠡᠭᠦᠨᠭᠠᠷ ᠬᠤᠰᠢᠭᠤᠨ ᠤ ᠰᠢ ᠡᠯ ᠯᠢᠶᠠᠨ ᠴᠤᠩ ᠰᠢᠶᠠᠩ ᠤᠨ ᠰᠤᠬᠠᠶᠢᠲᠦ ᠶᠢᠨ ᠲᠤᠬᠤᠢ ᠲᠤᠰᠬᠤᠨ ᠳᠤ ᠬᠦᠷᠬᠦ ᠳᠤ᠂ ᠲᠤᠰᠬᠤᠨ ᠤ ᠨᠠᠮ ᠤᠨ ᠡᠭᠦᠷ ᠤᠨ ᠱᠦᠵᠢ ᠷᠧᠨ ᠵᠢᠶᠦ᠋ᠨ ᠲᠤᠰᠬᠤᠨ ᠤ ᠰᠢᠨ᠎ᠡ ᠪᠠᠷ ᠪᠠᠶᠢᠭᠤᠯᠤᠭᠰᠠᠨ ᠲᠤᠯᠠᠭᠠᠨ ᠬᠦᠯᠡᠮᠵᠢ ᠶᠢᠨ ᠲᠤᠳᠤᠷ᠎ᠠ ᠶᠠᠭᠠᠷᠠᠯᠳᠠᠢ ᠠᠵᠢᠯᠯᠠᠵᠤ ᠪᠠᠶᠢᠯ᠎ᠠ᠃      ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠳᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠬᠦ ᠶᠢ ᠠᠬᠢᠭᠤᠯᠵᠤ᠂ ᠬᠠᠮᠲᠤ ᠪᠠᠷ ᠴᠢᠨᠡᠭᠡᠯᠢᠭᠵᠢᠬᠦ ᠶᠢ ᠪᠠᠶᠡᠯᠡᠬᠦᠯᠤᠨ᠎ᠡ ᠭᠡᠵᠦ ᠲᠤᠷᠠᠳᠤᠨ ᠭᠠᠷᠭᠠᠪᠠ᠃ ᠠᠵᠤ ᠦᠢᠯᠡᠰ ᠪᠣᠯ ᠬᠥᠳᠡᠭᠡ ᠲᠣᠰᠬᠤᠨ ᠢ ᠬᠥᠭᠵᠢᠭᠦᠯᠬᠦ ᠶᠢᠨ ᠭᠤᠣᠯᠳᠠᠯᠭ᠎ᠠ ᠪᠣᠯᠤᠨ᠎ᠠ᠂ ᠮᠦᠨ ᠴᠤ ᠬᠠᠮᠤᠭ ᠤᠨ ᠦᠨᠳᠦᠰᠦᠨ ᠵᠠᠩᠭᠢᠯᠠᠭ᠎ᠠ ᠮᠥᠨ᠃ ᠠᠵᠤ ᠦᠢᠯᠡᠰ ᠢ ᠰᠠᠶᠢᠨ ᠬᠦᠭᠵᠢᠬᠦᠯᠪᠡᠯ ᠰᠠᠶ᠋ᠢ ᠲᠤᠰᠬᠤᠨ ᠤ ᠠᠷᠠᠳ ᠤᠨ ᠤᠷᠤᠯᠭ᠎ᠠ ᠨᠡᠮᠡᠭᠳᠡᠵᠦ ᠪᠠᠶᠠᠵᠢᠨ ᠴᠢᠨᠡᠭᠡᠯᠢᠭᠵᠢᠵᠦ ᠴᠢᠳᠠᠨ᠎ᠠ︾ ᠭᠡᠵᠦ ᠷᠧᠨ ᠵᠢᠶᠦ᠋ᠨ ᠤᠳᠬ᠎ᠠ ᠬᠦᠨ ᠶᠠᠷᠢᠵᠦ ᠪᠠᠶᠢᠪᠠ᠃     ᠰᠤᠬᠠᠶᠢᠲᠤ ᠶᠢᠨ ᠲᠤᠬᠤᠢ ᠲᠣᠰᠬᠤᠨ ᠪᠣᠯ ᠵᠡᠭᠦᠨᠭᠠᠷ ᠬᠤᠰᠢᠭᠤᠨ ᠤ ᠬᠤᠶᠢᠲᠤ ᠬᠡᠰᠡᠭ ᠲᠤ ᠪᠠᠶᠢᠷᠢᠯᠠᠭ᠎ᠠ ᠬᠠᠳᠤᠨ ᠭᠤᠣᠯ ᠳᠠᠭᠠᠤ ᠶᠢᠨ ᠲᠠᠷᠢᠶᠠᠯᠠᠩ ᠤᠨ ᠪᠥᠳᠥᠭᠡᠭᠳᠡᠭᠦᠨ ᠤ ᠭᠤᠤᠯ ᠭᠠᠷᠤᠯᠲᠠ ᠶᠢᠨ ᠣᠷᠣᠨ ᠪᠤᠯᠤᠨ᠎ᠠ᠃ ᠲᠤᠰᠬᠤᠨ ᠢᠶᠠᠨ ᠬᠡᠷᠬᠢᠨ ᠬᠦᠭᠵᠢᠬᠦᠯᠬᠦ ᠪᠤᠢ︖ ᠬᠡᠯᠡᠯᠭᠡᠨ ᠦᠭᠡᠢ ᠲᠠᠷᠢᠶᠠᠯᠠᠩ ᠳᠤ ᠲᠦᠰᠢᠭᠯᠡᠬᠦ ᠬᠡᠷᠡᠭᠲᠡᠶ᠃ 2018 ᠣᠨ ᠳᠤ᠂ ᠲᠡᠳᠡ ᠤᠯᠤᠰ ᠤᠨ ᠲᠤᠰᠬᠠᠶ ᠪᠡᠯᠡ ᠮᠥᠩᠭᠦ ᠶᠢ ᠭᠤᠶᠤᠴᠢᠯᠠᠨ ᠤᠯᠵᠤ᠂ ᠪᠦᠬᠦ ᠲᠣᠰᠬᠤᠨ ᠤ ᠭᠠᠵᠠᠷ ᠰᠢᠷᠤᠢ ᠳᠠᠭᠠᠨ ᠲᠤᠬᠢᠷᠠᠭᠤᠯᠤᠯᠲᠠ ᠬᠢᠵᠦ᠂ ᠬᠤᠵᠢᠷᠯᠢᠬ ᠭᠠᠵᠠᠷ ᠢ ᠥᠭᠡᠷᠡᠴᠢᠯᠡᠵᠦ᠂ 8000 ᠭᠠᠷᠤᠶ ᠮᠥ ᠤᠰᠤᠨ ᠲᠤᠲᠤᠷᠭ᠎ᠠ ᠲᠠᠷᠢᠵᠦ᠂ ᠢ ᠰᠢᠶᠠᠩ ᠲᠢᠶᠠᠨ ᠳᠠᠷᠢᠵᠤ ᠲᠡᠵᠢᠭᠡᠨ ᠦᠷᠡᠵᠢᠭᠦᠯᠬᠦ ᠲᠤᠰᠬᠠᠶ ᠬᠤᠷᠰᠢᠶᠠᠵᠢᠯ ᠢ ᠪᠠᠶᠢᠭᠤᠯᠤᠨ᠂ ᠮᠦ ᠪᠦᠷᠢ ᠳᠤ ᠵᠢᠯ ᠤᠨ 220 ᠲᠥᠭᠦᠷᠢᠭ ᠤᠨ ᠲᠦᠷᠢᠶᠡᠰᠦᠨ ᠮᠦᠡᠭᠭᠦ ᠤᠯᠭᠤᠬᠤ ᠪᠠᠷᠢᠮᠵᠢᠶ᠎ᠠ ᠪᠠᠷ ᠲᠣᠰᠬᠤᠨ ᠤ ᠠᠷᠠᠳ ᠠᠴᠠ ᠭᠠᠵᠠᠷ ᠰᠢᠷᠤᠢ ᠲᠦᠷᠢᠶᠡᠰᠦᠯᠡᠵᠦ᠂ ᠠᠲᠠᠷᠰᠢᠭᠰᠠᠨ ᠭᠠᠵᠠᠷ ᠰᠢᠷᠣᠢ ᠶᠢ ᠴᠢᠨᠠᠷ ᠰᠠᠶᠢᠲᠠᠢ ᠲᠠᠷᠢᠶᠠᠨ ᠭᠠᠵᠠᠷ ᠪᠤᠯᠭᠠᠨ ᠬᠤᠪᠢᠷᠠᠭᠤᠯᠤᠬᠰᠠᠨ ᠪᠠᠶᠢᠨ᠎ᠠ᠃ 2019 ᠣᠨ ᠳᠤ᠂ ᠰᠤᠬᠠᠶᠢᠲᠤ ᠶᠢᠨ ᠲᠤᠬᠤᠢ ᠲᠣᠰᠬᠤᠨ ᠤ ᠭᠤᠶᠤᠴᠢᠯᠠᠨ ᠮᠡᠳᠡᠬᠦᠯᠤᠭ᠍ᠰᠡᠨ ᠵᠡᠭᠦᠨᠭᠠᠷ ᠲᠤᠲᠤᠷᠭ᠎ᠠ ︽ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠢᠶᠠᠷ ᠰᠤᠩᠭᠤᠬᠳᠠᠪᠠ᠃       2021 ᠣᠨ ᠳᠤ᠂ ᠰᠤᠬᠠᠶᠢᠲᠤ ᠶᠢᠨ ᠲᠤᠬᠤᠢ ᠲᠣᠰᠬᠤᠨ ᠤ ᠠᠷᠠᠳ ᠭᠠᠵᠠᠷ ᠰᠢᠷᠣᠶ ᠪᠠᠷ ᠬᠤᠪᠢ ᠣᠷᠣᠭᠤᠯᠬᠤ ᠠᠷᠭ᠎ᠠ ᠮᠠᠶ᠋ᠢ ᠢᠶᠠᠷ ᠦᠷᠬᠦᠯᠵᠢᠯᠡᠨ 3700 ᠭᠠᠷᠤᠢ ᠮᠤ ᠭᠠᠵᠠᠷ ᠰᠢᠷᠤᠢ ᠳᠠᠭᠠᠨ ᠲᠤᠬᠢᠷᠠᠭᠤᠯᠤᠯᠲᠠ ᠬᠢᠵᠦ᠂ ᠡᠷᠳᠡᠨᠢ ᠰᠢᠰᠢ ᠶᠢ ᠮᠧᠬᠠᠨᠢᠭᠵᠢᠭᠤᠯᠤᠨ ᠲᠠᠷᠢᠵᠦ᠂ ᠲᠣᠰᠬᠤᠨ ᠤ ᠠᠷᠠᠳ ᠵᠢᠯ ᠪᠤᠯᠭᠠᠨ ᠮᠦ ᠪᠦᠷᠢ ᠠᠴᠠ 1000 ᠲᠥᠭᠦᠷᠢᠭ ᠤᠨ ᠣᠷᠣᠯᠭ᠎ᠠ ᠬᠤᠪᠢᠶᠠᠵᠤ ᠤᠯᠪᠠ᠃ ︽ᠲᠣᠰᠬᠤᠨ ᠤ ᠬᠤᠷᠰᠢᠶᠠᠵᠢᠯ ᠪᠠᠶᠢᠭᠤᠯᠤᠭᠳᠠᠭᠰᠠᠨ ᠠᠴᠠ ᠨᠠᠭᠠᠰᠢ᠂ 40 ᠮᠦ ᠲᠠᠷᠢᠶᠠᠨ ᠭᠠᠵᠠᠷ ᠢᠶᠠᠨ ᠦᠪᠡᠷ ᠢᠶᠠᠨ ᠲᠠᠷᠢᠬᠤ ᠬᠡᠷᠡᠭ ᠦᠬᠡᠢ ᠪᠤᠯᠵᠤ᠂ ᠲᠦᠷᠢᠶᠡᠰᠦᠨ ᠮᠦᠡᠭᠭᠦ ᠤᠯᠬᠤ ᠪᠤᠯᠪᠠ᠂ ᠪᠠᠰᠠ ᠬᠤᠷᠰᠢᠶᠠᠵᠢᠯ ᠳᠤ ᠬᠦᠴᠦᠨ ᠤ ᠠᠵᠢᠯ ᠬᠢᠬᠦ ᠪᠤᠶᠤ ᠲᠤᠰᠠᠯᠠᠬᠤ ᠠᠵᠤ ᠦᠢᠯᠡᠰ ᠡᠷᠬᠢᠯᠡᠵᠦ ᠤᠷᠤᠯᠭ᠎ᠠ ᠪᠠᠨ ᠨᠡᠮᠡᠭᠳᠡᠬᠦᠯᠵᠦ ᠪᠤᠢ᠂ ᠡᠨᠡ ᠵᠢᠯ ᠲᠤᠰᠬᠤᠨ ᠠᠴᠠ ᠵᠢᠮᠢᠰ ᠢᠳᠡᠰᠢᠨ ᠨᠣᠭᠤᠭ᠎ᠠ ᠲᠠᠷᠢᠬᠤ ᠠᠵᠤ ᠦᠢᠯᠡᠰ ᠢ ᠬᠦᠭᠵᠢᠬᠦᠯᠬᠦ ᠪᠠᠷ ᠪᠠᠶᠢᠨ᠎ᠠ᠂ ᠪᠢ ᠪᠦᠷᠢᠨ ᠵᠥᠪᠰᠢᠶᠡᠷᠡᠨ᠎ᠡ︾ ᠭᠡᠵᠦ 52 ᠨᠠᠰᠤᠲᠠᠢ ᠲᠣᠰᠬᠤᠨ ᠤ ᠠᠷᠠᠳ ᠸᠠᠩ ᠸᠤᠨ ᠴᠢᠩ ᠶᠠᠷᠢᠨ᠎ᠠ᠃ ᠲᠡᠳᠡᠨ ᠤ ᠭᠡᠷ ᠤᠨ ᠬᠢᠨ 4 ᠬᠥᠮᠦᠨ᠎ᠠ ‍ᠮᠠ ᠲᠠᠢ᠂ ᠵᠢᠯ ᠪᠦᠷᠢ ᠵᠥᠪᠬᠡᠨ ᠭᠠᠵᠠᠷ ᠰᠢᠷᠣᠶ ᠶᠢᠨ ᠠᠰᠢᠭ ᠬᠤᠪᠢᠶᠠᠷᠢᠯᠠᠯᠲᠠ ᠶᠢᠨ ᠣᠷᠣᠯᠭ᠎ᠠ ᠨᠢ ᠳᠠᠷᠤᠶ 4 ᠲᠦᠮᠡ ᠭᠠᠷᠤᠶ ᠲᠥᠭᠦᠷᠢᠭ ᠲᠤ ᠬᠦᠷᠴᠦ᠂ ᠡᠬᠦᠨ ᠤ ᠲᠡᠭᠡᠷ᠎ᠡ ᠬᠦᠴᠦᠨ ᠤ ᠠᠵᠢᠯ ᠬᠢᠬᠦ ᠪᠤᠶᠤ ᠲᠤᠰᠠᠯᠠᠬᠤ ᠠᠵᠤ ᠦᠢᠯᠡᠰ ᠡᠷᠬᠢᠯᠡᠵᠦ ᠤᠷᠤᠯᠭ᠎ᠠ ᠪᠠᠨ ᠨᠡᠮᠡᠭᠳᠡᠬᠦᠯᠦ᠋ᠭᠰᠡᠨ ᠠᠴᠠ ᠠᠮᠢᠳᠤᠷᠠᠯ ᠨᠢ ᠤᠯᠠᠮ ᠰᠠᠶᠢᠵᠢᠷᠠᠬᠰᠠᠨ ᠪᠠᠶᠢᠨ᠎ᠠ᠃       ᠬᠥᠭᠵᠢᠯᠲᠡ ᠶᠢᠨ ᠴᠢᠭᠯᠡᠯ ᠢᠶᠠᠨ ᠰᠠᠶᠢᠲᠤᠷ ᠲᠣᠭᠲᠠᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠲᠠᠬᠢᠨ ᠬᠦᠴᠦᠯᠡᠨ᠎ᠡ᠃ ᠡᠨᠡ ᠵᠢᠯ᠂ ᠰᠤᠬᠠᠶᠢᠲᠤ ᠶᠢᠨ ᠲᠤᠬᠤᠢ ᠲᠣᠰᠬᠤᠨ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠦᠭᠵᠢᠬᠦᠯᠬᠦ︾ ᠬᠥᠭᠵᠢᠯᠲᠡ ᠶᠢᠨ ᠠᠵᠠ ᠲᠤᠬᠢᠶᠠᠯ ᠢ ᠴᠢᠩᠭ᠎ᠠ ᠠᠳᠬᠤᠵᠦ᠂ ᠮᠦ ᠪᠦᠷᠢ ᠳᠤ ᠵᠢᠯ ᠤᠨ 500 ᠲᠥᠭᠦᠷᠢᠭ ᠤᠨ ᠲᠦᠷᠢᠶᠡᠰᠦᠨ ᠮᠥᠩᠭᠦ ᠤᠯᠭᠤᠬᠤ ᠦᠨ᠎ᠡ ᠬᠠᠨᠭ᠍ᠰᠢ ᠪᠠᠷ 860 ᠮᠥ ᠭᠠᠵᠠᠷ ᠰᠢᠷᠣᠶ ᠳᠤ ᠳᠠᠬᠢᠨᠲᠠ ᠲᠤᠬᠢᠷᠠᠭᠤᠯᠤᠯᠲᠠ ᠬᠢᠵᠦ᠂ ᠥᠪᠥᠷ ᠮᠣᠩᠭᠤᠯ ᠤᠨ ᠵᠥᠩ ᠲᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠲᠠᠢ ᠬᠠᠮᠳᠤᠷᠠᠯᠴᠠᠨ᠂ ᠰᠢᠨ᠎ᠡ ᠮᠠᠶ᠋ᠢ ᠤᠨ ᠨᠡᠷᠡᠨ ᠤ ᠡᠨᠧᠷᠭᠢ ᠶᠢᠨ ᠲᠤᠯᠠᠭᠠᠨ ᠬᠦᠯᠡᠮᠵᠢ ᠶᠢ ᠪᠦᠲᠦᠭᠡᠨ ᠪᠠᠶᠢᠭᠤᠯᠵᠤ᠂ ᠤᠶᠤᠨᠴᠢ ᠲᠥᠬᠦᠭᠡᠷᠦᠮᠵᠢᠲᠦ ᠲᠠᠷᠢᠶᠠᠯᠠᠩ ᠤᠨ ᠦᠢᠯᠡᠰ ᠢ ᠬᠦᠭᠵᠢᠬᠦᠯᠦ᠋ᠨ᠂ ᠵᠢᠮᠢᠰ ᠢᠳᠡᠰᠢᠨ ᠨᠣᠭᠤᠭ᠎ᠠ ᠲᠠᠷᠢᠬᠤ ᠲᠦᠷᠦᠯ ᠵᠦᠢᠯ ᠢ ᠶᠡᠭᠡ ᠪᠠᠷ ᠬᠡᠷᠡᠭᠵᠢᠬᠦᠯᠵᠦ᠂ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠬᠰᠠᠨ ᠪᠠᠶᠢᠨ᠎ᠠ᠃       ︽ᠲᠤᠰ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠥᠪᠡᠷ ᠤᠨ ᠦᠷᠳᠡᠭ ᠨᠢ ᠥᠨᠳᠥᠷ ᠰᠢᠭ ᠪᠣᠯᠪᠠᠴᠤ ᠲᠡᠭᠦᠨ ᠤ ᠮᠡᠷᠭᠡᠵᠢᠯ ᠨᠢ ᠲᠠᠷᠢᠬᠦᠨ ᠤ ᠬᠢ᠂ ᠦᠢᠯᠡᠴᠢᠯᠡᠭᠡ ᠨᠢ ᠰᠠᠶᠢᠨ᠂ ᠤᠯᠠᠮᠵᠢᠯᠠᠯᠲᠤ ᠲᠤᠯᠠᠭᠠᠨ ᠬᠦᠯᠡᠮᠵᠢ ᠲᠠᠢ ᠬᠠᠷᠢᠴᠠᠭᠤᠯᠪᠠᠯ ᠰᠠᠯᠬᠢ ᠰᠠᠯᠬᠢᠯᠠᠬᠤ᠂ ᠮᠥᠰᠥ ᠬᠥᠯᠳᠡᠬᠦ ᠵᠡᠷᠭᠡ ᠭᠠᠮᠰᠢᠭᠲᠤ ᠴᠠᠭ ᠠᠭᠤᠷ ᠠᠴᠠ ᠠᠶᠤᠬᠤ ᠦᠬᠡᠢ᠂ ᠴᠠᠭ ᠪᠠ ᠬᠦᠮᠦᠨ ᠤ ᠬᠦᠴᠦᠨ ᠳᠤ ᠠᠷᠪᠢᠲᠠᠶ ᠮᠥᠷᠲᠡᠭᠡᠨ ᠬᠠᠮᠢᠶᠠᠷᠴᠤ ᠬᠠᠮᠠᠭᠠᠯᠠᠬᠤ ᠳᠤ ᠳᠥᠭᠦᠮ᠂ ᠦᠷ᠎ᠡ ᠠᠰᠢᠭ ᠨᠢ ᠴᠦ ᠰᠠᠶᠢᠨ ᠪᠠᠶᠢᠳᠠᠭ᠃ ᠵᠢᠱᠢᠯᠲᠡ ᠪᠠᠷ᠂ ᠲᠥᠷᠥᠯ  ᠵᠦᠢᠯ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ᠂ ᠡᠷᠬᠢᠨ ᠲᠤᠭᠤᠷᠢᠨ ᠤ ᠲᠣᠰᠬᠤᠨ ᠤ ᠠᠷᠠᠳ ᠤᠨ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠵᠦ᠂ ᠪᠠᠶᠢᠩᠭᠤ ᠰᠠᠭᠤᠭ᠎ᠠ ᠡᠷᠦᠬᠡ ᠶᠢᠨ ᠶᠡᠷᠦᠩᠬᠡᠢ ᠣᠷᠣᠯᠭ᠎ᠠ ᠶᠢ 100 ᠲᠦᠮᠡᠨ ᠲᠥᠭᠦᠷᠢᠭ ᠠᠴᠠ ᠳᠡᠭᠡᠭᠰᠢ ᠨᠡᠮᠡᠭᠳᠡᠭᠦᠯᠬᠦ ᠪᠤᠯᠤᠨ᠎ᠠ᠃ ᠡᠬᠦᠨ ᠤ ᠬᠠᠮᠲᠦ ᠲᠣᠰᠬᠤᠨ ᠤ ᠠᠷᠠᠳ ᠲᠤ ᠲᠠᠷᠢᠮᠠᠯ ᠤᠨ ᠮᠡᠷᠭᠡᠵᠢᠯ ᠢ ᠡᠵᠡᠮᠰᠢᠬᠦᠯᠤᠨ᠂ ᠬᠠᠮᠢᠶᠠᠷᠤᠨ ᠬᠠᠮᠠᠭᠠᠯᠠᠬᠤ ᠴᠢᠳᠠᠪᠤᠷᠢ ᠲᠠᠢ ᠪᠤᠯᠭᠠᠵᠤ᠂ ᠬᠥᠳᠡᠭᠡ ᠲᠣᠰᠬᠤᠨ ᠤ ᠴᠢᠳᠠᠪᠤᠷᠢᠲᠠᠨ ᠢ ᠪᠤᠶᠢᠵᠢᠭᠤᠯᠤᠨ᠂ ᠠᠵᠤ ᠦᠢᠯᠡᠰ ᠢ ᠬᠥᠭᠵᠢᠭᠦᠯᠵᠤ᠂ ᠲᠣᠰᠬᠤᠨ ᠤ ᠠᠷᠠᠳ ᠢ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠵᠠᠮᠨᠠᠭᠤᠯᠬᠤ ᠶᠢ ᠦᠨᠡᠨ ᠬᠦ ᠪᠡᠶᠡᠯᠡᠬᠦᠯᠵᠦ ᠴᠢᠳᠠᠬᠤ ᠪᠤᠯᠤᠨ᠎ᠠ︾ ᠭᠡᠵᠦ ᠷᠧᠨ ᠵᠢᠶᠦ᠋ᠨ ᠶᠠᠷᠢᠵᠤ ᠪᠠᠶᠢᠯ᠎ᠠ᠃       ᠲᠣᠰ ᠲᠦᠷᠦᠯ ᠵᠦᠢᠯ ᠢ ᠭᠤᠷᠪᠠᠨ ᠵᠢᠯ ᠤᠨ ᠳᠣᠲᠣᠷ᠎ᠠ ᠪᠦᠲᠦᠭᠡᠨ ᠪᠠᠶᠢᠭᠤᠯᠵᠤ ᠳᠠᠭᠤᠰᠬᠠᠬᠤ ᠪᠠᠷ ᠲᠦᠯᠤᠪᠯᠡᠵᠤ ᠪᠠᠶᠢᠨ᠎ᠠ᠂ ᠡᠨᠡ ᠵᠢᠯ ᠨᠡᠶᠢᠲᠡ 25 ᠮᠥ ᠶᠢᠨ 12 ᠲᠤᠯᠠᠭᠠᠨ ᠬᠦᠯᠡᠮᠵᠢ ᠶᠢ ᠪᠦᠲᠦᠭᠡᠨ ᠪᠠᠶᠢᠭᠤᠯᠵᠤ᠂ ᠣᠲᠣ ᠨᠢᠭᠡᠨᠲᠡ ᠭᠦᠵᠡᠯᠵᠡᠭᠡᠨ᠎ᠡ᠂ ᠲᠥᠪᠡᠳ ᠬᠠᠰᠢ ᠵᠡᠷᠭᠡ ᠵᠢᠮᠢᠰ ᠢᠳᠡᠰᠢᠨ ᠨᠣᠭᠤᠭ᠎ᠠ ᠶᠢ ᠲᠤᠷᠰᠢᠨ ᠲᠠᠷᠢᠵᠦ᠂ ᠤᠷᠭᠤᠯᠲᠠ ᠨᠢ ᠮᠠᠰᠢ ᠰᠠᠶᠢᠨ ᠪᠠᠶᠢᠵᠤ᠂ ᠰᠢᠨ᠎ᠡ ᠵᠢᠯ ᠴᠠᠭᠠᠨ ᠰᠠᠷ᠎ᠠ ᠠᠴᠠ ᠡᠮᠦᠨ᠎ᠡ ᠵᠠᠬ᠎ᠠ ᠳᠡᠯᠭᠡᠭᠦᠷ ᠲᠤ ᠭᠠᠷᠭᠠᠬᠤ ᠪᠠᠷ ᠲᠦᠯᠤᠪᠯᠡᠵᠤ ᠪᠤᠢ᠃  
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ