ᠮᠠᠨ ᠤ ᠬᠤᠲᠠ ᠲᠠᠷᠢᠶᠠᠯᠠᠩ ᠮᠠᠯ ᠠᠵᠤ ᠠᠬᠤᠶ ᠶᠢᠨ ᠪᠥᠬᠦ ᠬᠡᠯᠬᠢᠶᠠᠨ ᠤ ᠬᠥᠭᠵᠢᠯᠲᠡ ᠶᠢ ᠬᠦᠴᠦᠯᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/2/2
      ᠣᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ  ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠥᠷᠲᠡᠭ ᠤᠨ ᠬᠡᠯᠬᠢᠶ᠎ᠡ ᠪᠠᠷ ᠭᠠᠷᠳᠠᠬᠤ ᠴᠡᠭ ᠪᠣᠯᠭᠠᠵᠤ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠬᠦᠴᠦᠷᠭᠡᠭᠵᠢᠬᠦᠯᠬᠦ ᠶᠢ ᠦᠷᠭᠦᠯᠵᠢᠯᠡᠨ ᠭᠦᠨᠵᠡᠭᠡᠶ ᠠᠬᠢᠭᠤᠯᠤᠨ᠂ ᠠᠵᠤ ᠦᠢᠯᠡᠰ ᠤᠨ ᠥᠷᠲᠡᠭ ᠢ ᠨᠡᠮᠡᠭᠳᠡᠭᠦᠯᠦᠨ ᠦᠷ᠎ᠡ ᠠᠰᠢᠭ ᠢ ᠨᠡᠮᠡᠭᠳᠡᠭᠦᠯᠬᠦ ᠣᠷᠣᠨ ᠵᠠᠶ ᠶᠢ ᠲᠠᠰᠤᠷᠠᠯᠲᠠ ᠥᠬᠡᠶ ᠥᠷᠭᠡᠳᠭᠡᠨ᠂ ᠲᠠᠷᠢᠶᠠᠯᠠᠩ ᠮᠠᠯ ᠠᠵᠤ ᠠᠬᠤᠶ ᠶᠢᠨ ᠪᠥᠬᠦ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠪᠤᠯᠤᠨ᠎ᠠ᠃     ᠮᠠᠨ ᠤ ᠬᠤᠲᠠ ᠨᠢᠭᠡᠳᠦᠭᠡᠷ ᠠᠵᠤ ᠦᠢᠯᠡᠰ ᠢ ᠳᠠᠬᠢᠨ ᠴᠣᠭᠴᠠᠯᠠᠬᠤ ᠲᠥᠯᠥᠪᠯᠡᠭᠡ ᠶᠢ ᠬᠡᠷᠡᠭᠵᠢᠭᠦᠯᠬᠦ ᠶᠢᠨ ᠲᠣᠭᠤᠷᠢᠨ ᠳᠤ᠂ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢ ᠬᠡᠷᠡᠭᠵᠢᠬᠦᠯᠪᠡ᠃ ᠮᠥᠩᠭᠦᠨ ᠭᠦᠢᠯᠭᠡᠭᠡ ᠪᠠᠷ ᠠᠵᠤ ᠦᠢᠯᠡᠰ ᠤᠨ ᠬᠦᠭᠵᠢᠯᠲᠡ ᠶᠢ ᠲᠡᠳᠬᠦᠬᠦ ᠶᠢ ᠴᠢᠩᠭᠠᠳᠬᠠᠵᠤ᠂ ᠨᠡᠶᠢᠲᠡ 829 ᠲᠥᠷᠥᠯ ᠵᠦᠢᠯ ᠢ ᠳᠡᠮᠵᠢᠵᠦ᠂ 2649 ᠲᠦᠮᠡᠨ ᠲᠥᠭᠦᠷᠢᠭ ᠤᠨ ᠳᠠᠮ ᠬᠦᠦ ᠲᠠᠢ ᠵᠢᠬᠡᠯᠡᠯᠭᠡ ᠶᠢ ᠲᠠᠯᠪᠢᠪᠠ᠃ ᠲᠥᠷᠥᠯ ᠵᠦᠢᠯ ᠢᠶᠠᠷ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠬᠤ ᠶᠢ ᠢᠮᠠᠭᠲᠠ ᠪᠠᠷᠢᠮᠲᠠᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠦᠴᠦᠲᠡᠶ ᠠᠬᠢᠭᠤᠯᠪᠠ᠃ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠪᠠᠷ ᠳᠠᠮᠵᠢᠭᠤᠯᠤᠨ᠂ ᠨᠡᠶᠢᠭᠡᠮ ᠤᠨ ᠬᠥᠷᠥᠩᠭᠡ ᠶᠢ ᠳᠠᠶᠢᠴᠢᠯᠠᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠲᠤ ᠲᠠᠳᠠᠨ ᠣᠷᠣᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢᠨ ᠦᠷ᠎ᠡ ᠠᠰᠢᠭ ᠢ ᠲᠠᠰᠤᠷᠠᠯᠲᠠ ᠥᠬᠡᠶ ᠨᠡᠮᠡᠭᠳᠡᠭᠦᠯᠬᠦ ᠶᠢ ᠳᠠᠶᠢᠴᠢᠯᠠᠨ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠭᠡᠭᠵᠢᠬᠦᠯᠬᠦ ᠳᠤ ᠬᠥᠳᠡᠯᠭᠡᠬᠦ ᠬᠦᠴᠦᠨ ᠨᠡᠮᠡᠷᠢᠯᠡᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠨᠡᠶᠢᠲᠡ 302.6 ᠲᠦᠮᠡᠨ ᠮᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ ᠳᠠᠭᠤᠰᠬᠠᠭᠰᠠᠨ ᠪᠥᠭᠡᠳ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ︵2021 — 2030 ᠣᠨ︶︾ ᠶᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠃ ᠨᠣᠤᠯᠤᠭᠤᠷ ᠤᠨ ᠢᠮᠠᠭᠠᠨ ᠤ ᠤᠯᠤᠰ ᠤᠨ ᠲᠡᠰ ᠤᠨ ᠠᠵᠤ ᠦᠢᠯᠡᠰ ᠤᠨ ᠰᠦᠷᠦᠭᠵᠢᠯ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠨᠣᠤᠯᠤᠭᠤᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠪᠠ᠃ ︽5 ᠵᠠᠭᠤᠨ ᠲᠦᠮᠡᠨ ᠮᠢᠬᠠᠨ ᠬᠤᠨᠢᠨ ᠤ ᠲᠣᠮᠣ ᠬᠤᠰᠢᠭᠤ ᠰᠢᠶᠠᠨ︾ ᠤ ᠴᠢᠨᠠᠷᠵᠢᠯ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ᠂ ᠮᠢᠬᠠᠨ ᠬᠤᠨᠢ ᠶᠢ ᠪᠠᠷᠢᠮᠵᠢᠶᠠᠵᠢᠭᠤᠯᠤᠨ ᠬᠡᠪᠴᠢᠶᠡᠵᠢᠭᠦᠯᠵᠤ ᠲᠡᠵᠢᠭᠡᠨ ᠦᠷᠡᠵᠢᠭᠦᠯᠬᠦ ᠶᠢ ᠶᠡᠭᠡ ᠪᠠᠷ ᠬᠡᠷᠡᠭᠵᠢᠭᠦᠯᠪᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠠᠭᠠᠯᠢ ᠶᠢᠨ ᠦᠢᠯᠡᠰ ᠢ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠡᠵᠦ᠂ ᠰᠠᠶᠢᠨ ᠡᠭᠦᠯᠳᠡᠷ ᠤᠨ ᠰᠠᠭᠠᠯᠢ ᠶᠢᠨ ᠦᠨᠢᠶ᠎ᠡ ᠶᠢ ᠶᠡᠭᠡ ᠪᠠᠷ ᠣᠷᠣᠭᠤᠯᠤᠨ ᠠᠪᠴᠢᠷᠠᠵᠤ᠂ ᠣᠳᠣᠬᠢᠴᠢᠯᠠᠭᠰᠠᠨ ᠮᠠᠯᠵᠢᠯ ᠤᠨ ᠲᠠᠯᠠᠪᠠᠶ ᠶᠢ ᠪᠥᠲᠥᠭᠡᠨ ᠪᠠᠶᠢᠭᠤᠯᠵᠤ᠂ ᠰᠠᠭᠠᠯᠢ ᠶᠢᠨ ᠦᠨᠢᠶ᠎ᠡ ᠶᠢᠨ ᠲᠤᠭ᠎ᠠ ᠲᠤᠯᠤᠭᠠᠢ ᠶᠢ ᠨᠡᠮᠡᠭᠳᠡᠬᠦᠯᠦᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠠᠬᠢᠭᠤᠯᠪᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠶ ᠡᠳ᠋ᠰᠢᠭᠦᠯᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠂ ᠨᠢᠲᠤᠯᠵᠤ ᠡᠳ᠋ᠰᠢᠭᠦᠯᠤᠨ ᠪᠤᠯᠪᠠᠰᠤᠷᠠᠭᠤᠯᠬᠤ ᠠᠵᠤ ᠠᠬᠤᠶᠢᠯᠠᠯ ᠢ ᠲᠠᠰ ᠳᠡᠪᠰᠢᠭᠦᠯᠦᠨ ᠥᠭᠡᠷᠡᠴᠢᠯᠡᠬᠦ ᠶᠢ ᠳᠡᠮᠵᠢᠵᠦ᠂ ᠠᠵᠢᠯ ᠲᠥᠷᠥᠯ ᠤᠨ ᠲᠡᠷᠢᠭᠦᠨ ᠤ ᠠᠵᠤ ᠠᠬᠤᠶᠢᠯᠠᠯ ᠢ ᠤᠷᠤᠭᠤᠯᠤᠨ ᠠᠪᠴᠢᠷᠠᠬᠤ ᠪᠠ ᠲᠥᠷᠥᠯ ᠵᠦᠢᠯ ᠢ ᠪᠥᠲᠥᠭᠡᠨ ᠪᠠᠶᠢᠭᠤᠯᠬᠤ ᠡᠷᠴᠢᠮ ᠢ ᠴᠢᠩᠭᠠᠷᠠᠭᠤᠯᠪᠠ᠃     
ᠢᠷᠡᠯᠲᠡ᠄ ᠤᠷᠳᠤᠰ ᠮᠤᠩᠭᠤᠯ ᠰᠦᠯᠵᠢᠶ᠎ᠡ