ᠴᠤᠷᠪᠠᠭ᠎ᠠ ᠲᠡᠵᠢᠭᠡᠬᠦ ᠳᠤ ᠭᠤᠷᠪᠠᠨ ᠲᠠᠯ᠎ᠠ ᠶᠢ ᠠᠩᠬᠠᠷᠬᠤ ᠬᠡᠷᠡᠭᠲᠡᠢ
ᠨᠡᠶᠢᠲᠡᠯᠡᠭᠰᠡᠨ ᠴᠠᠭ᠄
2023/2/2
       1. ᠲᠡᠵᠢᠭᠡᠯ ᠪᠣᠷᠳᠤᠭ᠎ᠠ ᠶᠢ ᠰᠣᠩᠭᠤᠬᠤ ᠳᠤ ᠪᠠᠨ ᠪᠡᠶ᠎ᠡ ᠶᠢᠨ ᠬᠦᠨᠳᠦ ᠶᠢᠨ ᠬᠤᠪᠢᠷᠠᠯᠲᠠ ᠶᠢ ᠦᠨᠳᠦᠰᠦᠯᠡᠨ ᠲᠤᠬᠳᠠᠭᠠᠬᠤ ᠬᠡᠷᠡᠭᠳᠡᠢ᠂ ᠨᠢᠭᠡ ᠯᠡ ᠠᠳᠠᠯᠢ ᠪᠠᠷ ᠱᠠᠭᠠᠷᠳᠠᠵᠤ ᠪᠣᠯᠬᠤ ᠦᠭᠡᠢ᠂ ᠬᠠᠷᠢᠨ ᠡᠳᠦᠷ ᠬᠤᠭᠤᠴᠠᠭ᠎ᠠ ᠲᠠᠢ ᠬᠠᠷᠠᠭᠠᠯᠵᠠᠭᠰᠠᠨ ᠲᠡᠵᠢᠭᠡᠯ ᠪᠣᠷᠳᠣᠭᠠᠨ ᠤ ᠪᠠᠷᠢᠮᠵᠢᠶᠠᠲᠤ ᠪᠡᠶ᠎ᠡ ᠶᠢᠨ ᠬᠦᠨᠳᠦ ᠶᠢ ᠦᠨᠳᠦᠰᠦᠯᠡᠨ ᠪᠦᠲᠦᠭᠡᠭᠳᠡᠬᠦᠨ ᠢᠶᠠᠨ ᠴᠠᠭ ᠲᠤᠬᠠᠢ ᠳᠤ ᠨᠢ ᠰᠣᠯᠢᠬᠤ ᠬᠡᠷᠡᠭᠲᠡᠢ᠃ ᠪᠡᠶ᠎ᠡ ᠶᠢᠨ ᠬᠦᠨᠳᠦ ᠨᠢ ᠳᠣᠣᠷ᠎ᠠ ᠪᠣᠯ ᠪᠣᠷᠳᠤᠭ᠎ᠠ ᠰᠣᠯᠢᠬᠤ ᠪᠠᠨ ᠬᠤᠶᠢᠰᠢᠯᠠᠭᠤᠯᠤᠨ᠎ᠠ︔ ᠪᠡᠶ᠎ᠡ ᠶᠢᠨ ᠬᠦᠨᠳᠦ ᠨᠢ ᠬᠡᠲᠦᠷᠡᠪᠡᠯ ᠤᠷᠢᠳ ᠢᠶᠠᠷ ᠪᠣᠷᠳᠤᠭ᠎ᠠ ᠪᠠᠨ ᠰᠣᠯᠢᠵᠤ ᠪᠣᠯᠣᠨ᠎ᠠ᠃     2. ᠠᠳᠠᠯᠢ ᠪᠤᠰᠤ ᠡᠭᠦᠯᠳᠡᠷ ᠢ ᠦᠨᠳᠦᠰᠦᠯᠡᠨ ᠪᠣᠷᠳᠤᠭ᠎ᠠ ᠬᠡᠷᠡᠭᠯᠡᠬᠦ ᠴᠠᠭ ᠢ ᠵᠣᠬᠢᠰᠲᠠᠢ ᠤᠷᠲᠤᠳᠬᠠᠨ᠎ᠠ᠂ ᠣᠳᠣᠬᠠᠨ ᠳᠤ ᠤᠯᠤᠰ ᠤᠨ ᠳᠣᠲᠣᠭᠠᠳᠤ ᠳᠤ ᠭᠤᠣᠯ ᠲᠡᠵᠢᠭᠡᠵᠦ ᠪᠠᠶᠢᠭ᠎ᠠ ᠡᠭᠦᠯᠳᠡᠷ ᠪᠣᠯ ᠬᠦᠷᠡᠩ ᠬᠠᠯᠢᠰᠤ ᠶᠢᠨ ᠬᠦᠨᠳᠦ ᠬᠡᠯᠪᠡᠷᠢ᠂ ᠨᠤᠨᠳᠠᠭ ᠤᠨ ᠬᠠᠯᠢᠰᠤ ᠶᠢᠨ ᠳᠤᠮᠳᠠ ᠬᠡᠯᠪᠡᠷᠢ᠂ ᠴᠠᠭᠠᠨ ᠬᠠᠯᠢᠰᠤ ᠶᠢᠨ ᠬᠥᠩᠭᠡᠨ ᠬᠡᠯᠪᠡᠷᠢ ᠭᠡᠬᠦ ᠭᠤᠷᠪᠠᠨ ᠶᠡᠭᠡ ᠲᠦᠷᠦᠯ ᠪᠣᠯᠣᠨ᠎ᠠ᠃ ᠠᠳᠠᠯᠢ ᠪᠤᠰᠤ ᠡᠭᠦᠯᠳᠡᠷ ᠤᠨ ᠴᠤᠷᠪᠠᠭ᠎ᠠ ᠶᠢᠨ ᠰᠢᠮ᠎ᠡ ᠲᠡᠵᠢᠭᠡᠯ ᠤᠨ ᠱᠠᠭᠠᠷᠳᠠᠯᠭ᠎ᠠ ᠨᠢ ᠠᠳᠠᠯᠢ ᠪᠤᠰᠤ ᠪᠠᠶᠢᠳᠠᠭ᠃ ᠴᠠᠭᠠᠨ ᠬᠠᠯᠢᠰᠤ ᠶᠢᠨ ᠬᠥᠩᠭᠡᠨ ᠬᠡᠯᠪᠡᠷᠢ ᠨᠢ ᠡᠩ ᠤᠨ ᠪᠠᠶᠢᠳᠠᠯ ᠳᠤ ᠨᠢᠭᠡᠳᠦᠭᠡᠷ ᠱᠠᠲᠤᠨ ᠤ ᠪᠣᠷᠳᠤᠭ᠎ᠠ ᠶᠢ ᠬᠠᠮᠤᠭ ᠰᠠᠶᠢᠨ ᠨᠢ 35 ᠡᠳᠦᠷ ᠣᠷᠴᠢᠮ ᠬᠡᠷᠡᠭᠯᠡᠬᠦ ᠶᠢ ᠰᠠᠨᠠᠭᠠᠴᠢᠯᠠᠨ᠎ᠠ᠃    3. ᠠᠳᠠᠯᠢ ᠪᠤᠰᠤ ᠤᠯᠠᠷᠢᠯ ᠳᠤ ᠲᠡᠵᠢᠭᠡᠬᠦ ᠨᠢ ᠢᠯᠭᠠᠭ᠎ᠠ ᠲᠠᠢ ᠪᠦᠭᠡᠳ ᠪᠠᠶᠢᠳᠠᠯ ᠨᠢ ᠠᠳᠠᠯᠢ ᠪᠤᠰᠤ ᠪᠠᠶᠢᠳᠠᠭ᠃ ᠬᠠᠬᠢᠷ ᠬᠦᠢᠲᠡᠨ ᠤᠯᠠᠷᠢᠯ ᠳᠤ᠂ ᠣᠯᠠᠩᠬᠢ ᠲᠠᠬᠢᠶᠠᠨ ᠤ ᠡᠭᠦᠷ ᠨᠢ 30 ᠡᠳᠦᠷ ᠠᠴᠠ ᠳᠡᠭᠡᠭᠰᠢ ᠲᠠᠬᠢᠶ᠎ᠠ ᠳᠣᠣᠷ᠎ᠠ ᠳᠤᠯᠠᠭᠠᠨ ᠤ ᠰᠡᠷᠡᠯᠵᠢᠬᠦ ᠲᠤᠰᠬᠠᠯ ᠭᠠᠷᠳᠠᠭ᠂ ᠡᠨᠡ ᠦᠶ᠎ᠡ ᠳᠤ ᠲᠠᠬᠢᠶ᠎ᠠ ᠶᠢᠨ ᠢᠳᠡᠰᠢᠯᠡᠬᠦ ᠬᠡᠮᠵᠢᠶ᠎ᠡ ᠨᠢ ᠳᠣᠣᠷ᠎ᠠ ᠪᠠᠶᠢᠳᠠᠭ᠂ ᠡᠶᠢᠮᠦ ᠠᠴᠠ ᠨᠢᠭᠡ ᠬᠤᠶᠠᠳᠤᠭᠠᠷ ᠱᠠᠲᠤᠨ ᠤ ᠪᠣᠷᠳᠣᠭᠠᠨ ᠤ ᠲᠡᠵᠢᠭᠡᠪᠦᠷᠢ ᠶᠢᠨ ᠴᠠᠭ ᠢ ᠵᠣᠬᠢᠬᠤ ᠬᠡᠮᠵᠢᠶ᠎ᠡ ᠪᠠᠷ ᠤᠷᠲᠤᠳᠬᠠᠵᠤ᠂ ᠴᠤᠷᠪᠠᠭ᠎ᠠ ᠶᠢᠨ ᠬᠡᠪ ᠤᠨ ᠥᠰᠦᠯᠲᠡ ᠪᠤᠶᠢᠵᠢᠯᠲᠠ ᠶᠢ ᠪᠠᠲᠤᠯᠠᠨ᠎ᠠ᠃     ᠥᠨᠳᠡᠭᠡᠯᠡᠬᠦ ᠤᠷᠬᠢᠯ ᠤᠨ ᠰᠡᠭᠦᠯᠴᠢ ᠶᠢᠨ ᠬᠤᠭᠤᠴᠠᠭᠠᠨ ᠳᠤ ᠡᠮᠡᠭᠴᠢᠨ ᠲᠠᠬᠢᠶ᠎ᠠ ᠶᠢᠨ ᠨᠡᠪᠴᠢᠭᠡᠭᠰᠡᠨ ᠴᠤᠷᠪᠠᠭ᠎ᠠ ᠶᠢᠨ ᠪᠡᠶ᠎ᠡ ᠶᠢᠨ ᠬᠦᠨᠳᠦ ᠨᠢ ᠡᠬᠢᠨ ᠤ ᠦᠶ᠎ᠡ ᠳᠤ ᠪᠠᠨ ᠪᠠᠭ᠋ᠠᠨ ᠶᠡᠭᠡ ᠪᠠᠶᠢᠵᠤ᠂ ᠶᠡᠷᠦ ᠳᠤ ᠪᠠᠨ 37 ᠭᠷᠡᠮ / ᠲᠣᠯᠣᠭᠠᠢ ᠠᠴᠠ ᠳᠡᠭᠡᠭᠰᠢ ᠪᠠᠶᠢᠳᠠᠭ᠂ ᠡᠶᠢᠮᠦᠷᠬᠦᠦ ᠴᠤᠷᠪᠠᠭ᠎ᠠ ᠶᠢᠨ ᠡᠬᠡ ᠶᠢᠨ ᠡᠭᠡᠯᠢᠯᠡᠭᠡ ᠶᠢᠨ ᠴᠢᠳᠠᠪᠤᠷᠢ ᠨᠢ ᠨᠡᠯᠢᠶᠡᠳ ᠳᠣᠣᠷ᠎ᠠ ᠪᠠᠶᠢᠳᠠᠭ᠂ ᠡᠶᠢᠮᠦ ᠠᠴᠠ ᠡᠭᠡᠯᠢᠯᠡᠭᠡ ᠶᠢᠨ ᠴᠢᠳᠠᠪᠤᠷᠢ ᠶᠢᠨ ᠳᠡᠭᠡᠭᠰᠢᠯᠡᠯᠲᠡ ᠶᠢᠨ ᠨᠢᠭᠡ ᠬᠤᠶᠠᠳᠤᠭᠠᠷ ᠬᠤᠭᠤᠴᠠᠭᠠᠨ ᠳᠤ ᠲᠤᠰ ᠲᠤᠰ 2 ~ 4 ᠡᠳᠦᠷ ᠢᠯᠡᠭᠦᠦ ᠢᠳᠡᠭᠦᠯᠪᠡᠯ ᠵᠣᠬᠢᠨ᠎ᠠ᠃ 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ