ᠬᠦᠯᠡᠮᠵᠢ ᠶᠢᠨ ᠳᠤᠯᠠᠭᠠᠨ ᠢ ᠨᠡᠮᠡᠭᠳᠡᠭᠦᠯᠬᠦ ᠭᠡᠷᠡᠯ ᠢ ᠨᠡᠮᠡᠭᠳᠡᠭᠦᠯᠬᠦ ᠮᠡᠷᠭᠡᠵᠢᠯ
ᠨᠡᠶᠢᠲᠡᠯᠡᠭᠰᠡᠨ ᠴᠠᠭ᠄
2023/2/2
      1. ᠳᠤᠯᠠᠭᠠᠨ ᠢ ᠨᠡᠮᠡᠭᠳᠡᠭᠦᠯᠬᠦ ᠮᠡᠷᠭᠡᠵᠢᠯ ᠬᠦᠯᠡᠮᠵᠢ ᠶᠢᠨ ᠳᠤᠯᠠᠭᠠᠨ ᠢ ᠬᠠᠮᠠᠭᠠᠯᠠᠵᠤ ᠬᠦᠢᠲᠡᠨ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠠᠪᠤᠭᠰᠠᠨ ᠰᠠᠭᠤᠷᠢᠨ ᠳᠡᠭᠡᠷ᠎ᠡ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠰᠠᠶᠢᠲᠤᠷ ᠠᠪᠬᠤ ᠬᠡᠷᠡᠭᠲᠡᠢ᠃ ᠡᠩ ᠤᠨ ᠦᠶ᠎ᠡ ᠳᠤ ᠲᠤᠬᠠᠢ ᠶᠢᠨ ᠭᠠᠵᠠᠷ ᠤᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠠᠩᠬᠠᠷᠴᠤ᠂ ᠬᠦᠢᠲᠡᠨ ᠤᠷᠤᠰᠬᠠᠯ᠂ ᠴᠠᠰᠤ ᠣᠷᠣᠬᠤ ᠵᠡᠷᠭᠡ ᠭᠠᠮᠰᠢᠭᠲᠤ ᠴᠠᠭ ᠠᠭᠤᠷ ᠢᠷᠡᠬᠦ ᠠᠴᠠ ᠡᠮᠦᠨ᠎ᠡ ᠳᠣᠣᠷᠠᠬᠢ ᠮᠡᠲᠦ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠄ ᠭᠡᠷ ᠳᠣᠲᠣᠷ᠎ᠠ ᠬᠤᠶᠠᠷ ᠳᠠᠪᠬᠤᠷ ᠬᠥᠰᠢᠭᠡ ᠨᠡᠮᠡᠵᠦ᠂ ᠡᠮᠦᠨ᠎ᠡ ᠲᠠᠯ᠎ᠠ ᠳᠤᠨᠢ ᠬᠤᠷᠮᠦ᠋ᠢᠪᠴᠢ ᠶᠢᠨ ᠬᠥᠰᠢᠭᠡ ᠨᠡᠮᠡᠨ᠎ᠡ᠃ ᠰᠥᠨᠢ ᠳᠡᠭᠡᠨ ᠨᠡᠬᠡᠮᠡᠯ ᠦᠭᠡᠢ ᠪᠥᠰ᠂ ᠬᠠᠭᠤᠴᠢᠨ ᠰᠠᠷᠠᠪᠴᠢ ᠶᠢᠨ ᠪᠦᠷᠬᠦᠭᠦᠯ ᠵᠡᠷᠭᠡ ᠪᠠᠷ ᠢᠳᠡᠰᠢᠨ ᠨᠣᠭᠤᠭ᠎ᠠ ᠶᠢ ᠬᠤᠴᠢᠵᠤ ᠪᠣᠯᠣᠨ᠎ᠠ᠃ ᠬᠦᠯᠡᠮᠵᠢ ᠶᠢᠨ ᠳᠣᠲᠣᠷᠠᠬᠢ ᠳᠤᠯᠠᠭᠠᠨ ᠤ ᠬᠡᠮᠵᠢᠶ᠎ᠡ ᠨᠢ ᠬᠡᠲᠦ ᠳᠣᠣᠷ᠎ᠠ ᠪᠣᠯᠪᠠᠯ᠂ ᠲᠦᠷ ᠴᠠᠭ ᠳᠤᠯᠠᠭᠠᠨ ᠰᠠᠯᠬᠢᠨ ᠤ ᠵᠤᠤᠬ᠎ᠠ ᠪᠤᠶᠤ ᠵᠤᠤᠬ᠎ᠠ ᠶᠢᠨ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠵᠦ ᠪᠣᠯᠣᠨ᠎ᠠ᠃ ᠡᠳᠦᠷ ᠲᠡᠭᠡᠨ ᠳᠤᠯᠠᠭᠠᠨ ᠤ ᠬᠡᠮᠵᠢᠶ᠎ᠡ ᠶᠢ 30℃~35℃ ᠪᠣᠯᠲᠠᠯ᠎ᠠ ᠳᠡᠭᠡᠭᠰᠢᠯᠡᠭᠦᠯᠦᠨ᠎ᠡ᠃      2. ᠭᠡᠷᠡᠯ ᠢ ᠨᠡᠮᠡᠭᠳᠡᠭᠦᠯᠬᠦ ᠮᠡᠷᠭᠡᠵᠢᠯ ᠴᠠᠭ ᠲᠤᠬᠠᠢ ᠳᠤᠨᠢ ᠰᠠᠯᠠᠭ᠎ᠠ ᠨᠠᠮᠠᠭ᠎ᠠ ᠶᠢ ᠨᠢ ᠲᠡᠭᠰᠢᠯᠡᠨ ᠭᠡᠷᠡᠯ ᠨᠡᠪᠲᠡᠷᠡᠬᠦ ᠨᠤᠷᠮ᠎ᠠ ᠶᠢ ᠨᠢ ᠳᠡᠭᠡᠭᠰᠢᠯᠡᠭᠦᠯᠦᠨ᠎ᠡ᠃ ᠬᠦᠯᠡᠮᠵᠢ ᠶᠢᠨ ᠠᠷᠤ ᠶᠢᠨ ᠬᠡᠷᠡᠮ ᠳᠡᠭᠡᠷ᠎ᠡ ᠭᠡᠷᠡᠯ ᠣᠶᠢᠯᠭᠠᠬᠤ ᠬᠥᠰᠢᠭᠡ ᠡᠯᠭᠦᠵᠦ ᠭᠡᠷ ᠳᠣᠲᠣᠷᠠᠬᠢ ᠭᠡᠷᠡᠯ ᠤᠨ ᠲᠤᠰᠤᠯᠲᠠ ᠶᠢ ᠨᠡᠮᠡᠭᠳᠡᠭᠦᠯᠦᠨ᠎ᠡ︔ 11 ᠰᠠᠷ᠎ᠠ ᠶᠢᠨ ᠳᠤᠮᠳᠠᠴᠢ ᠠᠴᠠ ᠰᠡᠭᠦᠯᠡᠷ᠂ ᠳᠤᠯᠠᠭᠠᠨ ᠢ ᠬᠠᠳᠠᠭᠠᠯᠠᠬᠤ ᠬᠥᠨᠵᠢᠯᠡ ᠶᠢ ᠴᠠᠭ ᠲᠤᠬᠠᠢ ᠳᠤᠨᠢ ᠰᠡᠬᠦᠵᠦ᠂ ᠠᠯᠢ ᠴᠢᠳᠠᠬᠤ ᠪᠠᠷ ᠭᠡᠷᠡᠯ ᠤᠨ ᠲᠤᠰᠤᠯᠲᠠ ᠶᠢᠨ ᠴᠠᠭ ᠢ ᠤᠷᠲᠤᠳᠬᠠᠨ᠎ᠠ᠃ ᠪᠦᠷᠬᠦᠭ ᠡᠳᠦᠷ᠂ ᠴᠠᠰᠤ ᠲᠠᠢ ᠡᠳᠦᠷ ᠲᠣᠬᠢᠶᠠᠯᠳᠤᠪᠠᠯ ᠪᠠᠰᠠ ᠴᠠᠭ ᠢ ᠠᠮᠵᠢᠨ ᠬᠡᠷᠡᠯ ᠢ ᠨᠡᠮᠡᠭᠳᠡᠭᠦᠯᠵᠦ᠂ ᠬᠤᠷᠠᠭᠰᠠᠨ ᠴᠠᠰᠤ ᠪᠠᠨ ᠴᠠᠭ ᠲᠤᠬᠠᠢ ᠳᠤᠨᠢ ᠴᠡᠪᠡᠷᠯᠡᠬᠦ ᠬᠡᠷᠡᠭᠲᠡᠢ︔ ᠨᠠᠪᠴᠢᠨ ᠤ ᠭᠠᠳᠠᠷᠭᠤ ᠳᠤ ᠪᠢᠴᠢᠯ ᠪᠣᠷᠳᠣᠭᠤᠷ ᠰᠦᠷᠴᠢᠨ ᠣᠷᠣᠭᠤᠯᠵᠤ᠂ ᠭᠡᠷᠡᠯ ᠤᠨ ᠨᠡᠶᠢᠯᠡᠯᠭᠡ ᠶᠢᠨ ᠠᠰᠢᠭᠯᠠᠮᠵᠢ ᠶᠢ ᠳᠡᠭᠡᠭᠰᠢᠯᠡᠭᠦᠯᠦᠨ᠎ᠡ᠃   
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ