ᠦᠯᠡᠮᠵᠢ ᠠᠮᠵᠢᠯᠳᠠ ᠲᠠᠢ ᠬᠤᠲᠠ ᠬᠥᠳᠡᠭᠡ ᠶᠢᠨ ᠰᠤᠷᠭᠠᠨ ᠬᠥᠮᠦᠵᠢᠯ
ᠨᠡᠶᠢᠲᠡᠯᠡᠭᠰᠡᠨ ᠴᠠᠭ᠄
2023/3/1
       ᠤᠶᠢᠷ᠎ᠠ ᠶᠢᠨ ᠵᠢᠯ ᠠᠴᠠ ᠣᠷᠳᠣᠰ ᠬᠤᠲᠠ ᠰᠤᠷᠭᠠᠨ ᠬᠦᠮᠦᠵᠢᠯ ᠤᠨ ︽ᠰᠢᠨ᠎ᠡ ᠬᠡᠯᠪᠡᠷᠢ ᠶᠢᠨ ᠰᠠᠭᠤᠷᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ︾ ᠪᠠᠷ ᠲᠣᠭᠠᠵᠢᠭᠤᠯᠤᠭᠰᠠᠨ ᠰᠤᠷᠭᠠᠨ ᠬᠥᠮᠦᠵᠢᠯ ᠤᠨ ᠤᠷᠴᠢᠨ ᠠᠬᠤᠢ ᠶᠢ ᠪᠤᠶ ᠪᠣᠯᠭᠠᠵᠤ᠂ ᠮᠡᠳᠡᠭᠡ ᠵᠠᠩᠭᠢ ᠶᠢᠨ ᠰᠦᠯᠵᠢᠶ᠎ᠡ᠂ ᠲᠠᠪᠴᠠᠩ ᠤᠨ ᠰᠢᠰᠲ᠋ᠧᠮ᠂ ᠲᠣᠭᠠᠵᠢᠭᠤᠯᠤᠭᠰᠠᠨ ᠡᠬᠢ ᠪᠠᠶᠠᠯᠢᠭ᠂ ᠣᠶᠤᠨᠲᠤ ᠰᠤᠷᠭᠠᠭᠤᠯᠢ ᠶᠢᠨ ᠬᠦᠷᠢᠶ᠎ᠡ᠂ ᠢᠳᠡᠬᠡᠮᠵᠢᠳᠤ ᠠᠮᠤᠷ ᠲᠦᠪᠰᠢᠨ ᠵᠡᠷᠭᠡ ᠬᠦᠷᠢᠶ᠎ᠡ ᠴᠠᠷᠠᠭ᠎ᠠ ᠳᠠᠬᠢ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠥᠷᠭᠡᠨ ᠣᠯᠠᠨ ᠪᠠᠭᠰᠢ ᠰᠤᠷᠤᠭᠴᠢᠳ ᠲᠤ ᠨᠡᠩ ᠤᠯᠠᠨ ᠠᠰᠢᠭ ᠬᠦᠷᠳᠡᠬᠡᠵᠦ᠂ ᠤᠳᠤ ᠦᠶ᠎ᠠ ᠶᠢᠨ ᠮᠡᠳᠡᠭᠡ ᠵᠠᠩᠭᠢ ᠶᠢᠨ ᠮᠡᠷᠬᠡᠵᠢᠯ ᠢᠶᠠᠷ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠤᠭᠰᠠᠨ ᠠᠴᠠ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠨᠢᠭᠡ ᠴᠤᠭᠴᠠᠵᠢᠭᠤᠯᠤᠭᠰᠠᠨ ᠬᠦ᠋ᠭᠵᠢᠯᠳᠡ ᠦᠯᠡᠮᠵᠢ ᠠᠮᠵᠢᠯᠳᠠ ᠤᠯᠤᠭᠰᠠᠨ ᠪᠠᠶᠢᠨ᠎ᠠ᠃     ᠬᠤᠲᠠ ᠬᠦ᠋ᠳᠡᠭᠡ ᠶᠢ ᠨᠢᠭᠡ ᠴᠣᠭᠴᠠᠵᠢᠭᠤᠯᠤᠨ ᠲᠣᠭᠠᠵᠢᠭᠤᠯᠤᠭᠰᠠᠨ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠨᠡᠭᠡᠭᠡᠪᠡ    ᠤᠷᠳᠤᠰ ᠬᠤᠳᠠ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠰᠤᠷᠭᠠᠨ ᠬᠦ᠋ᠮᠦᠵᠢᠯ ᠤᠨ ᠲᠤᠰᠬᠠᠢ ᠰᠦᠯᠵᠢᠶ᠎ᠡ ᠶᠢ ᠨᠡᠪᠳᠡᠷᠡᠬᠦᠯᠵᠦ᠂ ᠰᠤᠷᠭᠠᠨ ᠬᠥᠮᠦᠵᠢᠯ ᠤᠨ ᠬᠤᠲᠠ ᠶᠢᠨ ᠬᠡᠪᠴᠢᠶᠡᠨ ᠤ ᠰᠦᠯᠵᠢᠶ᠎ᠡ ᠪᠠᠷ ᠳᠠᠮᠵᠢᠭᠤᠯᠤᠨ ᠬᠤᠲᠠ ᠬᠥᠳᠡᠭᠡ ᠶᠢᠨ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠪᠦᠬᠦᠨ ᠢ ᠬᠠᠮᠤᠷᠤᠨ ᠬᠤᠯᠪᠣᠬᠤ ᠶᠢ ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ 118 ᠰᠤᠷᠭᠠᠭᠤᠯᠢ ᠪᠠ ᠬᠡᠦᠬᠡᠳ ᠤᠨ ᠴᠡᠴᠡᠷᠯᠢᠭ ᠢ ᠬᠤᠲᠠ ᠪᠠᠯᠭᠠᠰᠤ ᠠᠴᠠ ᠳᠡᠭᠡᠭᠰᠢᠬᠢ 330 ᠰᠤᠷᠭᠠᠭᠤᠯᠢ ᠪᠠ ᠬᠡᠦᠬᠡᠳ ᠤᠨ ᠴᠡᠴᠡᠷᠯᠢᠭ ᠲᠠᠢ ᠠᠳᠠᠯᠢ ᠪᠠᠷ ᠴᠥᠮ 1000 MB ᠵᠢᠴᠢ ᠲᠡᠭᠦᠨ ᠠᠴᠠ ᠳᠡᠭᠡᠭᠰᠢᠬᠢ ᠬᠤᠷᠳᠤᠴᠠ ᠪᠦᠬᠦᠢ ᠬᠤᠲᠠ ᠶᠢᠨ ᠰᠤᠷᠭᠠᠨ ᠬᠥᠮᠦᠵᠢᠯ ᠤᠨ ᠰᠦᠯᠵᠢᠶ᠎ᠡ ᠳᠤ ᠵᠠᠯᠭᠠᠨ ᠣᠷᠣᠭᠤᠯᠵᠤ᠂ ᠬᠤᠲᠠ ᠪᠠᠯᠭᠠᠰᠤᠨ ᠤ ᠰᠤᠷᠭᠠᠭᠤᠯᠢ ᠲᠠᠢ ᠠᠳᠠᠯᠢ ᠲᠦᠪᠰᠢᠨ ᠳᠤ ᠬᠦᠷᠬᠡᠭᠰᠡᠨ ᠪᠠᠶᠢᠨ᠎ᠠ᠃      ᠬᠤᠲᠠ ᠶᠢᠨ ᠱᠠᠲᠤᠨ ᠠᠴᠠ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠰᠤᠷᠭᠠᠨ ᠬᠥᠮᠦᠵᠢᠯ ᠤᠨ ᠡᠭᠦᠯᠡᠨ ᠲᠠᠪᠴᠠᠩ ᠢ ᠨᠢᠭᠡᠳᠦᠯᠲᠡᠢ ᠲᠥᠯᠥᠪᠯᠡᠨ ᠪᠠᠶᠢᠭᠤᠯᠵᠤ᠂ ᠣᠷᠳᠣᠰ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠢ ᠪᠠᠭᠲᠠᠭᠠᠭᠰᠠᠨ ᠪᠣᠶ ᠪᠦᠬᠦᠢ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠪᠠᠲᠤᠯᠠᠭ᠎ᠠ ᠲᠠᠢ ᠂ ᠨᠡᠶᠢᠳᠡᠮ ᠬᠡᠷᠡᠭᠯᠡᠬᠦ ᠰᠤᠷᠭᠠᠨ ᠬᠦ᠋ᠮᠦᠵᠢᠯ ᠤᠨ ᠡᠭᠦᠯᠡᠨ ᠦᠢᠯᠡᠴᠢᠯᠡᠭᠡ ᠬᠠᠩᠭᠠᠵᠤ᠂ ᠡᠬᠦᠨ ᠳᠤ ᠲᠣᠭᠠᠵᠢᠭᠤᠯᠤᠭᠰᠠᠨ ᠰᠤᠷᠭᠠᠨ ᠬᠦ᠋ᠮᠦᠵᠢᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠬᠢᠭᠡᠳ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠦᠢᠯᠡᠴᠢᠯᠡᠭᠡ ᠪᠠᠭᠳᠠᠵᠤ ᠪᠤᠢ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠩᠭᠠᠭᠰᠠᠨ ᠣᠯᠠᠨ ᠨᠡᠶᠢᠲᠡ ᠶᠢᠨ ᠲᠤᠭᠠᠵᠢᠭᠤᠯᠤᠭᠰᠠᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠰᠠᠭᠤᠷᠢᠨ ᠳᠡᠭᠡᠷ᠎ᠡ᠂ ᠬᠤᠲᠠ ᠶᠢᠨ ᠰᠤᠷᠭᠠᠨ ᠬᠥᠮᠦᠵᠢᠯ ᠤᠨ ᠡᠬᠦᠯᠡᠨ ᠳᠠᠪᠴᠠᠩ ᠠᠴᠠ 9 ᠲᠤᠭᠠᠵᠢᠭᠤᠯᠤᠭᠰᠠᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠬᠠᠩᠭᠠᠵᠤ᠂ ᠡᠭᠦᠨ ᠳᠤ ᠴᠤᠤ ᠰᠢᠩ ᠲᠣᠭᠠᠵᠢᠭᠤᠯᠤᠭᠰᠠᠨ ᠨᠣᠮ ᠪᠢᠴᠢᠭ ᠪᠣᠯᠣᠨ ᠰᠡᠳᠬᠦᠯ᠂ ᠶᠡᠷᠦᠩᠬᠡᠶᠢᠯᠡᠭᠰᠡᠨ ᠮᠡᠳᠡᠯᠭᠡ ᠪᠣᠯᠣᠨ ᠬᠢᠴᠢᠶᠡᠯ ᠲᠦᠷᠦᠯ ᠤᠨ ᠰᠦᠯᠵᠢᠶᠡᠨ ᠬᠢᠴᠢᠶᠡᠯ᠂ ᠬᠢᠴᠢᠶᠡᠯ ᠲᠦᠷᠦᠯ ᠤᠨ ᠰᠦᠯᠵᠢᠶᠡᠨ ᠤ ᠡᠬᠢ ᠪᠠᠶᠠᠯᠢᠭ᠂ ᠰᠢᠯᠢᠳᠡᠭ ᠰᠦᠯᠵᠢᠶᠡᠨ ᠤ ᠡᠬᠢ ᠪᠠᠶᠠᠯᠢᠭ᠂ ᠪᠠᠭᠰᠢ ᠶᠢᠨ ᠵᠢᠭᠠᠨ ᠰᠤᠳᠤᠯᠤᠯᠳᠠ ᠪᠠ ᠪᠣᠯᠪᠠᠰᠤᠷᠠᠭᠤᠯᠤᠯ᠂ ᠠᠮᠤᠷ ᠲᠦᠪᠰᠢᠨ ᠤ ᠰᠤᠷᠭᠠᠨ ᠬᠥᠮᠦᠵᠢᠯ ᠵᠢᠴᠢ ᠲᠧᠯᠸᠢᠰ ᠰᠤᠷᠭᠠᠨ ᠬᠥᠮᠦᠵᠢᠯ ᠵᠡᠷᠭᠡ ᠡᠬᠢ ᠪᠠᠶᠠᠯᠢᠭ ᠢ ᠪᠠᠭᠳᠠᠭᠠᠪᠠ᠃ ᠰᠦᠯᠵᠢᠶ᠎ᠠ᠂ ᠰᠢᠯᠵᠢᠶ᠎ᠠ ᠠᠴᠠ ᠤᠲᠠᠰᠤᠲᠤ ᠲᠧᠯᠸᠢᠰ ᠬᠦᠷᠲᠡᠯ᠎ᠡ᠂ ᠰᠤᠷᠭᠠᠭᠤᠯᠢ᠂ ᠪᠠᠭᠰᠢ ᠰᠣᠷᠣᠭᠴᠢ᠂ ᠭᠡᠷ ᠪᠦᠯᠢ ᠨᠢᠭᠡ ᠪᠦᠷᠢ ᠴᠥᠮ ᠥᠪᠡᠷ ᠤᠨ ᠬᠡᠷᠡᠭᠴᠡᠭᠡ ᠳᠡᠭᠡᠨ ᠲᠣᠬᠢᠷᠠᠬᠤ ᠡᠬᠢ ᠪᠠᠶᠠᠯᠢᠭ ᠢ ᠰᠣᠩᠭᠤᠨ ᠬᠡᠷᠡᠭᠯᠡᠵᠦ ᠪᠣᠯᠬᠤ ᠪᠥᠭᠡᠳ ︽ᠮᠠᠯᠵᠢᠬᠤ ᠲᠠᠷᠢᠶᠠᠯᠠᠬᠤ ᠤᠷᠤᠨ ᠤ ᠰᠤᠷᠭᠠᠭᠤᠯᠢ ᠨᠤᠭᠤᠳ ᠬᠤᠳᠠ ᠶᠢᠨ ᠨᠦᠬᠦᠴᠡᠯ ᠢᠶᠠᠷ ᠬᠠᠮᠤᠭ ᠤᠨ ᠰᠡᠶᠢᠨ ᠲᠤᠮᠳᠠᠳᠤ ᠪᠠᠭ᠎ᠠ ᠰᠤᠷᠭᠠᠭᠤᠯᠢ ᠲᠠᠢ ᠠᠳᠠᠯᠢᠬᠠᠨ ᠲᠤᠭᠠᠵᠢᠭᠤᠯᠤᠭᠰᠠᠨ ᠵᠢᠭᠠᠨ ᠰᠤᠷᠭᠠᠯᠳᠠ ᠶᠢᠨ ᠡᠬᠢ ᠪᠠᠶᠠᠯᠢᠭ ᠢ ᠬᠡᠷᠡᠭᠯᠡᠬᠦ︾ ᠶᠢ ᠪᠡᠶᠡᠯᠡᠬᠦᠯᠪᠠ᠃ ᠰᠢᠯᠢᠳᠡᠭ ᠲᠤᠭᠠᠵᠢᠭᠤᠯᠤᠭᠰᠠᠨ ᠡᠬᠢ ᠪᠠᠶᠠᠯᠢᠭ ᠲᠤ ᠰᠠᠭᠤᠷᠢᠯᠠᠨ᠂ ᠬᠥᠳᠡᠭᠡ ᠲᠣᠰᠬᠤᠨ ᠤ ᠰᠤᠷᠭᠠᠭᠤᠯᠢ ᠨᠤᠭᠤᠳ ︽ᠣᠶᠤᠨᠲᠤ ᠬᠢᠴᠢᠶᠡᠯ ᠤᠨ ᠲᠠᠩᠭᠢᠮ︾ ᠢ ᠬᠠᠶᠢᠨ ᠰᠦᠪᠡᠭᠴᠢᠯᠡᠵᠦ᠂ ᠰᠤᠷᠭᠠᠨ ᠬᠥᠮᠦᠵᠢᠯ ᠤᠨ ᠲᠣᠭᠠᠵᠢᠭᠤᠯᠤᠯᠳᠠ ᠶᠢᠨ ᠬᠡᠯᠪᠡᠷᠢ ᠪᠠᠨ ᠬᠤᠪᠢᠷᠠᠭᠤᠯᠤᠭᠰᠠᠨ ︽ᠬᠤᠰᠢᠭᠤᠴᠢ︾᠂ ︽ᠳᠠᠭᠠᠭᠤᠯᠤᠭᠴᠢ︾ ᠪᠤᠯᠤᠬᠰᠠᠨ ᠪᠠᠶᠢᠨ᠎ᠠ᠄ ᠤᠳᠤᠬᠠᠨ ᠳᠤ 5 ᠰᠤᠷᠭᠠᠭᠤᠯᠢ ᠨᠢ ᠤᠶᠤᠨᠴᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠠᠮᠲᠤ ᠶᠢᠨ ᠴᠣᠭᠴᠠ ᠶᠢ ᠪᠠᠶᠢᠭᠤᠯᠵᠤ᠂ ᠬᠡᠯᠡ ᠪᠢᠴᠢᠭ᠂ ᠲᠣᠭᠠᠨ ᠤ ᠤᠬᠠᠭᠠᠨ᠂ ᠠᠩᠭ᠍ᠯᠢ ᠬᠡᠯᠡ ᠵᠡᠷᠭᠡ 3 ᠬᠢᠴᠢᠶᠡᠯ ᠲᠦᠷᠦᠯ ᠢ ᠬᠠᠮᠤᠷᠤᠭᠰᠠᠨ ︽ᠳᠡᠭᠡᠳᠦ ᠳᠡᠰ ᠤᠨ ᠰᠡᠳᠬᠢᠬᠦᠢ ᠢᠢᠨ ᠬᠥᠭᠵᠢᠯᠲᠡ ᠳᠤ ᠰᠠᠭᠤᠷᠢᠯᠠᠭᠰᠠᠨ 211 ᠤᠶᠤᠨᠴᠢ ᠬᠢᠴᠢᠶᠡᠯ ᠤᠨ ᠲᠠᠩᠭᠢᠮ ᠤᠨ ᠵᠢᠭᠠᠨ ᠰᠤᠷᠭᠠᠯᠲᠠ ᠢᠢᠨ ᠬᠡᠪ ᠵᠠᠭᠪᠤᠷ︾ ᠢ ᠰᠦᠪᠡᠭᠴᠢᠯᠡᠨ ᠪᠦᠷᠢᠯᠳᠦᠭᠦᠯᠵᠦ᠂ 7 ᠬᠤᠰᠢᠭᠤ ᠲᠣᠭᠤᠷᠢᠭ᠂ 22 ᠬᠤᠲᠠ ᠪᠠᠯᠭᠠᠰᠤᠨ ᠤ ᠰᠤᠷᠭᠠᠭᠤᠯᠢ ᠶᠢ ᠣᠷᠣᠨ ᠪᠦᠰᠡ ᠶᠢᠨ ᠵᠢᠭᠠᠨ ᠰᠤᠷᠭᠠᠯᠲᠠ ᠶᠢᠨ ᠵᠠᠭᠪᠤᠷ ᠤᠨ ᠬᠤᠪᠢᠰᠤᠯᠲᠠ ᠶᠢᠨ ‍ᠦ᠋ᠯᠡᠳᠦᠯᠭᠡ ᠶᠢᠨ ᠡ᠊ᠩᠨᠡᠭᠡᠨ ᠳᠤ ᠣᠷᠣᠭᠤᠯᠬᠤ ᠶᠢ ᠪᠦᠲᠦᠮᠵᠢᠲᠡᠶ ᠠᠬᠢᠭᠤᠯᠵᠤ᠂ ᠣᠷᠳᠣᠰ ᠬᠤᠲᠠ ᠶᠢᠨ ᠲᠠᠭᠠᠭᠠᠴᠢᠯᠠᠵᠤ ᠪᠦᠬᠦᠢ ᠤᠯᠤᠰ ᠤᠨ ᠲᠠᠰ ᠤᠨ ︽ᠮᠡᠳᠡᠭᠡ ᠵᠠᠩᠭᠢ ᠶᠢᠨ ᠮᠡᠷᠭᠡᠵᠢᠯ ᠢ ᠠᠭᠤᠰᠤᠯᠴᠠᠭᠤᠯᠬᠤ ᠰᠢᠨ᠎ᠡ ᠮᠠᠶ᠋ᠢᠭ ᠤᠨ ᠵᠢᠭᠠᠨ ᠰᠤᠷᠭᠠᠯᠳᠠ ᠪᠠ ᠰᠤᠷᠤᠯᠴᠠᠬᠤ ᠵᠠᠭᠪᠤᠷ︾ ᠤᠨ ᠲᠤᠷᠰᠢᠯᠲᠠ ᠶᠢᠨ ᠲᠣᠭᠤᠷᠢᠭ ᠤᠨ ᠠᠵᠢᠯ ᠤᠨ ︽ᠬᠤᠰᠢᠭᠤᠴᠢ ᠠᠩᠭᠢ︾ ᠪᠣᠯᠤᠭᠰᠠᠨ ᠪᠠᠶᠢᠨ᠎ᠠ᠃      ᠦᠵᠡᠭᠳᠡᠬᠦ᠋ᠴᠡ ᠲᠤᠭ᠎ᠠ ᠪᠠᠷᠢᠮᠳᠠ ᠪᠠᠷ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠳᠤᠲᠠᠭᠤᠳᠠᠯ ᠢ ᠨᠥᠬᠦᠪᠦᠷᠢᠯᠡᠪᠠ     ᠬᠥᠳᠡᠭᠡ ᠲᠣᠰᠬᠤᠨ ᠤ ᠰᠤᠷᠭᠠᠭᠤᠯᠢ ᠶᠢᠨ ᠬᠠᠮᠢᠶᠠᠷᠤᠯᠲᠠ ᠬᠤᠳᠠ ᠪᠠᠯᠭᠠᠰᠤ ᠶᠢᠨ ᠬᠢ ᠳ᠋ᠠᠢ ᠬᠠᠷᠢᠴᠠᠭᠤᠯᠪᠠᠯ ᠵᠣᠬᠢᠬᠤ ᠵᠥᠷᠢᠶ᠎ᠡ ᠲᠠᠢ ᠪᠠᠶᠢᠳᠠᠯ ᠳᠤ ᠴᠢᠭᠯᠡᠬᠦᠯᠦᠨ᠂ ᠤᠷᠳᠤᠰ ᠬᠤᠲᠠ ᠶᠢᠨ ᠰᠤᠷᠭᠠᠨ ᠬᠥᠮᠦᠵᠢᠯ ᠤᠨ ᠡᠬᠦᠯᠡᠨ ᠳᠠᠪᠴᠠᠩ ᠨᠢ ᠠᠮᠤᠷ ᠲᠦᠪᠰᠢᠨ ᠢ ᠲᠣᠭᠤᠷᠢᠨ ᠪᠠᠶᠢᠴᠠᠭᠠᠬᠤ᠂ ᠬᠢᠴᠢᠶᠡᠯ ᠲᠤᠬᠢᠷᠠᠭᠤᠯᠬᠤ᠂ ᠬᠢᠴᠢᠶᠡᠯ ᠰᠣᠩᠭᠤᠬᠤ᠂ ᠰᠦᠯᠵᠢᠶ᠎ᠡ ᠪᠠᠷ ᠰᠢᠯᠭᠠᠯᠲᠠ ᠬᠢᠨᠠᠬᠤ᠂ ᠬᠢᠷᠢ ᠪᠦᠲᠦᠮᠵᠢ ᠶᠢ ᠵᠠᠳᠠᠯᠬᠤ᠂ ᠰᠣᠷᠣᠭᠴᠢ ᠶᠢ ᠦᠨᠡᠯᠡᠬᠦ᠂ ᠨᠣᠮ ᠪᠢᠴᠢᠭ ᠢ ᠬᠠᠮᠢᠶᠠᠷᠬᠤ ᠵᠡᠷᠭᠡ ᠳᠠᠯ᠎ᠠ ᠪᠠᠷ ᠦᠢᠯᠡᠴᠢᠯᠡᠭᠡ ᠬᠠᠩᠭᠠᠪᠠ᠃ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠶᠢᠨ ᠬᠡᠷᠡᠭᠯᠡᠭᠡ ᠨᠢ ᠬᠥᠳᠡᠭᠡ ᠲᠣᠰᠬᠤᠨ ᠤ ᠰᠤᠷᠭᠠᠭᠤᠯᠢ ᠶᠢᠨ ᠠᠮᠤᠷ ᠲᠦ᠋ᠪᠰᠢᠨ ᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠵᠦ᠂ ᠪᠠᠭᠰᠢ ᠠᠵᠢᠯᠲᠠᠨ ᠰᠠᠨᠠᠭᠠᠴᠢᠯᠠᠭ᠎ᠠ ᠠᠴᠠ ᠪᠠᠨ ᠰᠤᠷᠭᠠᠭᠤᠯᠢ ᠶᠢᠨ ᠬᠦᠷᠢᠶᠡᠨ ᠤ ᠲᠣᠭᠤᠷᠢᠨ ᠪᠠᠶᠢᠴᠠᠭᠠᠯᠲᠠ ᠳᠤ ᠣᠷᠣᠯᠴᠠᠵᠤ᠂ 84% ᠶᠢᠨ ᠠᠮᠤᠷ ᠲᠦᠪᠰᠢᠨ ᠤ ᠭᠡᠮ ᠰᠤᠭᠤᠭ ᠢ ᠰᠶᠢᠳᠪᠦᠷᠢᠯᠡᠪᠠ︔ ᠬᠢᠴᠢᠶᠡᠯ ᠲᠤᠬᠢᠷᠠᠭᠤᠯᠬᠤ ᠬᠡᠷᠡᠭᠯᠡᠭᠡ ᠨᠢ ᠬᠢᠴᠢᠶᠡᠯ ᠬᠥᠮᠦᠵᠢᠯ ᠤᠨ ᠠᠵᠢᠯᠲᠠᠳ ᠤᠨ 2 ᠡᠳᠦᠷ ᠬᠢᠳᠡᠭ ᠠᠵᠢᠯ ᠢ 2 ᠴᠠᠭ ᠪᠣᠯᠭᠠᠨ ᠪᠣᠭᠤᠨᠢᠰᠬᠠᠪᠠ︔ ᠬᠢᠴᠢᠶᠡᠯ ᠰᠣᠩᠭᠤᠬᠤ ᠳᠤ 1/3 ᠢᠢᠨ ᠬᠥᠳᠡᠭᠡ ᠲᠣᠰᠬᠤᠨ ᠤ ᠰᠤᠷᠭᠠᠭᠤᠯᠢ ᠶᠢ ᠬᠠᠪᠰᠤᠷᠴᠤ ᠬᠢᠴᠢᠶᠡᠯ ᠤᠨ ᠳᠠᠷᠠᠭᠠᠬᠢ ᠦᠢᠯᠡᠴᠢᠯᠡᠭᠡ ᠢᠢ ᠵᠣᠬᠢᠶᠠᠨ ᠪᠠᠶᠢᠭᠤᠯᠬᠤ ᠳᠤ ᠨᠠᠩ ᠲᠥ᠋ᠬᠦᠮ ᠪᠣᠯᠭᠠᠪᠠ︔ ᠮᠢᠩᠭ᠎ᠠ ᠲᠦᠮᠡᠨ ᠳᠡᠪᠲᠡᠷ ᠴᠠᠭᠠᠰᠤᠨ ᠨᠣᠮ ᠰᠡᠳᠬᠦᠯ ᠢ ᠡᠭᠦᠯᠡᠨ ‍ᠦ᠋ᠯᠡᠴᠢᠯᠡᠭᠡ ᠪᠠᠷ ᠬᠠᠮᠢᠶᠠᠷᠴᠤ᠂ ᠵᠢᠭᠡᠯᠡᠨ ᠤᠩᠰᠢᠬᠤ ᠨᠣᠷᠮ᠎ᠠ᠂ ᠨᠤᠮ ᠤᠨ ᠰᠠᠩ ᠳᠤ ᠬᠠᠳᠠᠭᠠᠯᠠᠵᠤ ᠪᠠᠶᠢᠭ᠎ᠠ ᠨᠤᠮ ᠲᠡᠪᠳᠡᠷ ᠵᠡᠷᠭᠡ ᠡᠯ᠎ᠡ ᠵᠦᠢᠯ ᠤᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠡᠷᠢᠨ ᠬᠠᠶᠢᠵᠤ ᠴᠢᠳᠠᠬᠤ ᠪᠤᠯᠵᠤ᠂ ᠬᠥᠳᠡᠭᠡ ᠲᠣᠰᠬᠤᠨ ᠤ ᠰᠤᠷᠭᠠᠭᠤᠯᠢ ᠶᠢᠨ ᠨᠣᠮ ᠪᠢᠴᠢᠭ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠡᠩ ᠲᠡᠩᠴᠡᠭᠦᠷᠢᠲᠡᠢ᠂ ᠨᠡᠩ ᠦᠷ᠎ᠡ ᠪᠦᠲᠦᠮᠵᠢ ᠲᠠᠢ ᠪᠣᠯᠭᠠᠪᠠ ᠁ ᠵᠤᠷᠪᠤᠰ ᠵᠤᠷᠪᠤᠰ ᠬᠠᠮᠢᠶᠠᠷᠤᠯᠲᠠ ᠶᠢᠨ ᠲᠣᠭᠲᠠᠭᠠᠯ ᠢ ᠬᠡᠷᠡᠭᠯᠡᠬᠦ ᠳᠤ ᠲᠦᠭᠦᠮ ᠡᠯᠧᠺᠲᠷᠤᠨ ᠪᠢᠴᠢᠭ ᠮᠠᠲ᠋ᠧᠷᠢᠶᠠᠯ ᠪᠤᠯᠭᠠᠵᠤ᠂ ᠴᠠᠭᠠᠰᠤᠨ ᠡᠬᠡ ᠲᠠᠩᠰᠠ ᠶᠢ ᠡᠯᠧᠺᠲᠷᠤᠨ ᠪᠦ᠋ᠷᠢᠳᠬᠡᠯ ᠤᠨ ᠵᠢᠷᠤᠭ ᠬᠦᠰᠦᠨᠦᠭ ᠪᠣᠯᠭᠠᠨ ᠬᠤᠪᠢᠷᠠᠭᠤᠯᠵᠤ᠂ ︽ᠬᠤᠲᠠ — ᠬᠤᠰᠢᠭᠤ — ᠰᠤᠷᠭᠠᠭᠤᠯᠢ︾ ᠭᠤᠷᠪᠠᠨ ᠱᠠᠲᠤᠨ ᠤ ᠰᠤᠷᠭᠠᠨ ᠬᠥᠮᠦᠵᠢᠯ ᠤᠨ ᠦᠵᠡᠭᠳᠡᠬᠦ᠋ᠴᠡ ᠲᠤᠭ᠎ᠠ ᠪᠠᠷᠢᠮᠳᠠ ᠪᠠᠷ ᠬᠥᠳᠡᠭᠡ ᠲᠣᠰᠬᠤᠨ ᠤ 118 ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠪᠠ᠃     ᠣᠷᠳᠣᠰ ᠬᠤᠲᠠ ᠶᠢᠨ ᠪᠤᠶ ᠪᠦᠬᠦᠢ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠳᠤ ᠴᠥᠮ 80 ᠢᠨᠴ ᠠᠴᠠ ᠳᠡᠭᠡᠭᠰᠢᠬᠢ ᠣᠯᠠᠨ ᠵᠠᠭᠤᠴᠢᠲᠤ ᠬᠦᠷᠦᠯᠴᠡᠨ ᠡᠵᠡᠮᠳᠡᠬᠦ‍ ᠨᠢᠭᠡ ᠴᠣᠭᠴᠠᠲᠤ ᠮᠠᠰᠢᠨ ᠲᠣᠬᠢᠷᠠᠭᠤᠯᠵᠤ᠂ ᠲᠡᠳᠡᠭᠡᠷ ᠨᠢ ᠴᠥᠮ ᠤᠯᠤᠰ᠂ ᠥ ᠪᠡᠷᠲᠡᠭᠡᠨ ᠵᠠᠰᠠᠬᠤ ᠣᠷᠣᠨ ᠪᠠ ᠣᠷᠳᠣᠰ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥ᠋ᠴᠢᠷ ᠤᠨ ᠬᠠᠩᠭᠠᠭᠰᠠᠨ ᠣᠯᠠᠨ ᠨᠡᠶᠢᠲᠡ ᠶᠢᠨ ᠲᠣᠭᠠᠵᠢᠭᠤᠯᠤᠭᠰᠠᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠦᠢᠯᠡᠴᠢᠯᠡᠭᠡ ᠶᠢ ᠬᠡᠷᠡᠭᠯᠡᠵᠦ ᠲᠡᠶᠢᠯᠳᠡᠭ᠃ ᠡᠭᠦᠨ ᠳᠤ ᠪᠠᠭᠰᠢ ᠨᠠᠷ ᠡᠳᠦᠷ ᠲᠤᠲᠤᠮ ᠤᠨ ᠵᠢᠭᠠᠨ ᠰᠤᠷᠭᠠᠯᠲᠠ ᠳᠠᠭᠠᠨ ᠠᠰᠢᠭᠯᠠᠵᠤ ᠪᠤᠯᠬᠤ ᠪᠦᠭᠡᠳ ᠠᠯᠤᠰ ᠠᠴᠠ ᠬᠠᠷᠢᠯᠴᠠᠨ ᠬᠤᠷᠰᠢᠯᠴᠠᠬᠤ ᠵᠢᠭᠠᠨ ᠰᠤᠷᠭᠠᠯᠲᠠ ᠶᠢᠨ ᠰᠤᠳᠤᠯᠭᠠᠨ ᠢ ᠳᠡᠮᠵᠢᠬᠦ ︽ᠰᠦᠯᠵᠢᠶ᠎ᠠ ᠪᠠᠷ ᠬᠤᠷᠰᠢᠯᠴᠠᠬᠤ ᠬᠢᠴᠢᠶᠡᠯ ᠤᠨ ᠲᠠᠩᠭᠢᠮ︾ ᠢ ᠪᠦᠬᠦ ᠰᠤᠷᠭᠠᠭᠤᠯᠢ ᠳᠤ ᠲᠣᠬᠢᠷᠠᠭᠤᠯᠵᠤ᠂ ᠬᠠᠪᠰᠤᠷᠤᠨ ᠳᠡᠳᠬᠦᠬᠦ ᠰᠤᠷᠭᠠᠭᠤᠯᠢ ᠪᠠ ᠬᠤᠯᠪᠤᠭ᠎ᠠ ᠪᠠᠶᠢᠭᠤᠯᠤᠭᠰᠠᠨ ᠰᠤᠷᠭᠠᠭᠤᠯᠢ ᠯᠤᠭ᠎ᠠ ᠣᠷᠣᠨ ᠵᠠᠢ ᠠᠯᠤᠰᠯᠠᠨ ᠵᠢᠭᠠᠨ ᠰᠤᠷᠭᠠᠯᠲᠠ ᠶᠢᠨ ᠰᠤᠳᠤᠯᠭᠠᠨ ᠤ ᠠᠵᠢᠯᠯᠠᠭ᠎ᠠ ᠥᠷᠨᠢᠭᠦᠯᠵᠦ ᠪᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ 10 ᠰᠤᠷᠭᠠᠭᠤᠯᠢ ᠳᠤ ᠬᠠᠪᠲᠠᠭᠠᠢ ᠺᠣᠮᠫᠢᠦ᠋ᠲ᠋ᠧᠷ ᠲᠤ ᠰᠠᠭᠤᠷᠢᠯᠠᠭᠰᠠᠨ ᠣᠶᠤᠨᠲᠤ ᠬᠢᠴᠢᠶᠡᠯ ᠤᠨ ᠲᠠᠩᠭᠢᠮ ᠤᠨ ᠵᠢᠭᠠᠨ ᠰᠤᠷᠭᠠᠯᠲᠠ ᠶᠢ ᠲᠦᠷᠦᠬᠦᠯᠡᠨ ᠥᠷᠨᠢᠭᠦᠯᠵᠦ᠂ ᠪᠥᠬᠦ ᠰᠤᠷᠭᠠᠭᠤᠯᠢ ᠶᠢᠨ ᠰᠤᠷᠤᠭᠴᠢ ᠨᠢᠬᠡ ᠪᠦᠷᠢ ᠬᠠᠪᠲᠠᠭᠠᠢ ᠺᠣᠮᠫᠢᠦ᠋ᠲ᠋ᠧᠷ ᠲᠠᠢ ᠪᠠᠶᠢᠬᠤ ᠶᠢ ᠪᠡᠶᠡᠯᠡᠭᠦᠯᠪᠡ᠃ ᠬᠦᠳᠡᠭᠡ ᠲᠤᠰᠬᠤᠨ ᠤ ᠰᠤᠷᠭᠠᠭᠤᠯᠢ ᠶᠢᠨ ᠬᠢᠴᠢᠶᠡᠯ ᠤᠨ ᠲᠠᠩᠭᠢᠮ ‍ᠦᠩᠬᠡᠷᠡᠭᠰᠡᠨ ᠤ ᠬᠢ ᠰᠢᠭ ᠬᠢᠴᠢᠶᠡᠯ ᠤᠨ ᠳᠡᠪᠳᠡᠷ ᠤᠨ ᠠᠭᠤᠯᠭ᠎ᠠ ᠳᠠᠭᠠᠨ ᠯᠡ ᠪᠠᠷᠢᠭᠳᠠᠬᠤ ᠬᠡᠪ ᠵᠠᠭᠪᠤᠷ ᠠᠴᠠ ᠰᠠᠯᠵᠤ᠂ ᠰᠤᠷᠤᠭᠴᠢᠳ ᠡᠬᠦᠯᠡᠨ ᠳᠠᠪᠴᠠᠩ ᠢᠶᠠᠷ ᠨᠠᠩ ᠪᠠᠶᠠᠯᠢᠭ ᠠᠭᠤᠯᠭ᠎ᠠ ᠲᠠᠢ ᠵᠢᠭᠠᠨ ᠰᠤᠷᠭᠠᠯᠳᠠ ᠶᠢ ᠬᠦᠷᠳᠡᠬᠦ ᠪᠤᠯᠪᠠ᠃     ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠨᠤᠭᠤᠳ ᠰᠢᠨ᠎ᠡ ᠶᠢ ᠡᠭᠦᠳᠦᠭᠴᠢᠳ ᠤᠨ ᠠᠩᠭᠢ ᠶᠢᠨ ᠭᠡᠷ ᠲᠣᠬᠢᠷᠠᠭᠤᠯᠬᠤ᠂ ᠬᠤᠲᠠ ᠬᠥᠳᠡᠭᠡ ᠶᠢᠨ ᠰᠤᠷᠭᠠᠭᠤᠯᠢ ᠬᠠᠪᠰᠤᠷᠤᠯᠴᠠᠭ᠎ᠠ ᠪᠠᠶᠢᠭᠤᠯᠤᠨ STEAM ᠪᠠ ᠰᠢᠨ᠎ᠡ ᠶᠢ ᠡᠭᠦᠳᠦᠭᠴᠢᠳ ᠤᠨ ᠵᠢᠭᠠᠨ ᠰᠤᠷᠭᠠᠯᠲᠠ ᠥᠷᠨᠢᠭᠦᠯᠬᠦ ᠵᠢᠴᠢ ᠬᠤᠳᠠ ᠬᠤᠰᠢᠭᠤ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠠᠷᠲ᠋ᠣᠨ ᠵᠢᠷᠤᠭ ᠤᠨ ᠨᠠᠶᠢᠷ ᠵᠡᠷᠭᠡ ᠠᠵᠢᠯᠯᠠᠭ᠎ᠠ ᠶᠢ ᠦᠨᠳᠦᠰᠦᠨ ᠱᠠᠲᠤᠨ ᠳᠤ ᠪᠠᠭᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠷᠭᠠᠨ ᠬᠦ᠋ᠮᠦᠵᠢᠯ ᠤᠨ ᠦᠷ᠎ᠡ ᠪᠦᠲᠦᠭᠡᠯ ᠢ ᠬᠥᠳᠡᠭᠡ ᠲᠣᠰᠬᠤᠨ ᠤ ᠪᠠᠭᠰᠢ ᠰᠤᠷᠤᠭᠴᠢᠳ ᠲᠤ ᠡᠳᠠᠯᠢᠬᠠᠨ ᠢᠶᠠᠷ ᠬᠦᠷᠳᠡᠬᠡᠵᠦ᠂ ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢᠳ ᠲᠤ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠠᠮᠢᠵᠢᠷᠠᠯ ᠤᠨ ᠬᠦᠴᠦᠨ ᠢ ᠮᠡᠳᠡᠷᠡᠭᠦᠯᠪᠡ᠃ ᠬᠤᠳᠠ ᠶᠢᠨ ᠬᠠᠪᠰᠤᠷᠤᠯᠴᠠᠭ᠎ᠠ ᠪᠠᠶᠢᠭᠤᠯᠤᠭᠰᠠᠨ ᠰᠤᠷᠭᠠᠭᠤᠯᠢ ᠶᠢᠨ ᠡᠳᠦᠷ ᠲᠤᠳᠤᠮ ᠤᠨ ᠵᠢᠭᠠᠨ ᠰᠤᠳᠤᠯᠤᠯᠳᠠ ᠪᠠ ᠡᠯ᠎ᠡ ᠲᠦᠷᠦᠯ ᠤᠨ ᠰᠤᠳᠤᠯᠤᠨ ᠰᠤᠷᠤᠯᠴᠠᠬᠤ ᠠᠵᠢᠯᠯᠠᠭ᠎ᠠ ᠳᠤ ᠬᠥᠳᠡᠭᠡ ᠲᠣᠰᠬᠤᠨ ᠤ ᠪᠠᠭᠰᠢ ᠶᠢ ᠰᠦᠯᠵᠢᠶ᠎ᠠ ᠪᠠᠷ ‍ᠣᠷᠣᠯᠴᠠᠭᠤᠯᠵᠤ᠂ ᠵᠣᠬᠢᠶᠠᠮᠠᠯ ᠤᠶᠤᠨ ᠴᠢᠳᠠᠪᠤᠷᠢ ᠵᠡᠷᠭᠡ ᠮᠡᠷᠭᠡᠵᠢᠯ ᠢ ᠠᠰᠢᠭᠯᠠᠨ ᠬᠤᠳᠠ ᠬᠥᠳᠡᠭᠡ ᠶᠢᠨ ᠪᠠᠭᠰᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ ᠳ᠋ᠡᠭᠡᠭᠰᠢᠯᠡᠭᠦᠯᠵᠦ᠂ ᠬᠤᠳᠠ ᠬᠥᠳᠡᠭᠡ ᠶᠢᠨ ᠬᠠᠪᠰᠤᠷᠤᠯᠴᠠᠭ᠎ᠠ ᠪᠠᠶᠢᠭᠤᠯᠤᠭᠰᠠᠨ ᠰᠤᠷᠭᠠᠭᠤᠯᠢ ᠶᠢ ᠠᠭᠠᠵᠢᠮ ᠢᠶᠠᠷ ᠬᠤᠣᠰ ᠴᠢᠭᠯᠡᠯ ᠢᠶᠠᠷ ᠬᠠᠷᠢᠯᠴᠠᠨ ᠠᠬᠢᠭᠤᠯᠪᠠ᠃    ᠰᠢᠯᠢᠳᠡᠭ ︽ᠡᠬᠢ ᠪᠠᠶᠠᠯᠢᠭ ᠪᠠ ᠦᠢᠯᠡᠴᠢᠯᠡᠭᠡ︾ ᠶᠢ ᠬᠠᠩᠭᠠᠵᠤ ᠬᠤᠲᠠ ᠬᠦ᠋ᠳᠡᠭᠡ ᠶᠢᠨ ᠰᠤᠷᠭᠠᠭᠤᠯᠢ ᠬᠠᠪᠰᠤᠷᠤᠯᠴᠠᠭ᠎ᠠ ᠪᠠᠶᠢᠭᠤᠯᠤᠨ ᠬᠦᠭᠵᠢᠪᠡ    ᠬᠢᠶ᠎ᠠ ᠪᠠᠭᠰᠢ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ ᠪᠣᠯᠣᠨ ᠬᠠᠩᠭᠢᠨ ᠬᠤᠰᠢᠭᠤᠨ ᠤ ᠵᠢᠷᠭᠠᠯᠠᠩᠳᠤ ᠪᠠᠭ᠎ᠠ ᠰᠤᠷᠭᠠᠭᠤᠯᠢ 2019 ᠣᠨ ᠠᠴᠠ ᠡᠬᠢᠯᠡᠨ OMO ︵ᠰᠦᠯᠵᠢᠶᠡᠨ ᠳᠡᠭᠡᠷ᠎ᠡ + ᠠᠬᠤᠢ ᠳᠠᠯᠠᠪᠠᠢ︶ ᠵᠠᠭᠪᠤᠷ ᠢᠶᠠᠷ ᠲᠠᠮᠵᠢᠨ ᠬᠠᠪᠰᠤᠷᠤᠯᠴᠠᠭ᠎ᠠ ᠪᠠᠶᠢᠭᠤᠯᠤᠨ ᠵᠢᠭᠠᠨ ᠰᠤᠷᠭᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠤᠭᠰᠠᠨ ᠠᠴᠠ 2021 ᠤᠨ ᠳᠤ ᠵᠢᠷᠭᠠᠯᠠᠩᠳᠤ ᠪᠠᠭ᠎ᠠ ᠰᠤᠷᠭᠠᠭᠤᠯᠢ ᠶᠢᠨ ᠤᠯᠠᠨ ᠲᠦᠷᠦᠯ ᠤᠨ ᠵᠢᠭᠠᠨ ᠰᠤᠷᠭᠠᠯᠲᠠ ᠶᠢᠨ ᠭᠦᠢᠴᠡᠳᠬᠡᠯ ᠲᠤᠭ᠎ᠠ ᠨᠢ ᠬᠤᠳᠠ ᠶᠢᠨ ᠰᠤᠷᠭᠠᠭᠤᠯᠢ ᠨᠤᠭᠤᠳ ᠠᠴᠠ ᠳᠠᠪᠠᠭᠤᠯᠢᠭ ᠪᠤᠯᠵᠤ᠂ ᠬᠤᠳᠠ ᠬᠥᠳᠡᠭᠡ ᠶᠢᠨ ᠬᠠᠪᠰᠤᠷᠤᠯᠴᠠᠭ᠎ᠠ ᠪᠠᠶᠢᠭᠤᠯᠵᠤ ᠬᠥᠭᠵᠢᠭᠰᠡᠨ ‍ᠦᠯᠢᠭᠡᠷ ᠲᠠᠭᠤᠷᠢᠶᠠᠯ ᠪᠤᠯᠵᠠᠢ᠃    ᠮᠡᠳᠡᠭᠡ ᠵᠠᠩᠭᠢᠵᠢᠯᠲᠠ ᠨᠢ ᠬᠥᠳᠡᠭᠡ ᠲᠣᠰᠬᠤᠨ ᠤ ᠰᠤᠷᠭᠠᠭᠤᠯᠢ ᠶᠢᠨ ᠬᠠᠮᠵᠢᠯᠴᠠᠨ ᠬᠦ᠋ᠭᠵᠢᠬᠦ ᠳᠤ ᠠᠵᠠ ᠲᠣᠬᠢᠶᠠᠯ ᠤᠯᠭᠤᠪᠠ᠃ ᠶᠡᠷᠦᠳᠡᠬᠡᠨ ᠲᠠᠷᠠᠬᠠᠢ ᠪᠤᠲᠠᠷᠬᠠᠢ ᠪᠠᠶᠢᠷᠢᠰᠢᠭᠰᠠᠨ ᠬᠥᠳᠡᠭᠡ ᠲᠣᠰᠬᠤᠨ ᠤ ᠰᠤᠷᠭᠠᠭᠤᠯᠢ ᠨᠢ ︽ᠰᠦᠯᠵᠢᠶ᠎ᠠ ᠪᠠᠷ ᠬᠤᠷᠰᠢᠯᠴᠠᠬᠤ ᠬᠢᠴᠢᠶᠡᠯ ᠤᠨ ᠲᠠᠩᠭᠢᠮ︾ ᠢᠶᠠᠷ ᠳᠠᠮᠵᠢᠨ᠂ ᠬᠤᠲᠠ ᠶᠢᠨ ᠬᠡᠪᠴᠢᠶᠡᠨ ᠳᠠᠬᠢ ᠠᠯᠢ ᠨᠢᠬᠡᠨ ᠰᠤᠷᠭᠠᠭᠤᠯᠢ ᠲᠠᠢ ︽ᠢᠵᠢᠯ ᠳᠠᠪᠲᠠᠮᠵᠢ ᠪᠠᠷ ᠬᠠᠷᠢᠯᠴᠠᠨ ᠬᠤᠷᠰᠢᠯᠴᠠᠵᠤ︾ ᠴᠢᠯᠦᠬᠡᠳᠤ ︽ᠬᠠᠮᠲᠤ ᠶᠢᠨ ᠴᠣᠭᠴᠠ︾ ᠶᠢ ᠪᠠᠶᠢᠭᠤᠯᠵᠤ ᠪᠤᠯᠳᠠᠭ᠃ ᠲᠡᠷᠡ ᠨᠢ ︽ᠭᠤᠷᠪᠠᠨ ᠬᠢᠴᠢᠶᠡᠯ ᠤᠨ ᠲᠠᠩᠭᠢᠮ︾ ︵ᠲᠤᠰᠬᠠᠶᠢᠯᠠᠨ ᠳᠠᠮᠵᠢᠭᠤᠯᠬᠤ ᠬᠢᠴᠢᠶᠡᠯ ᠤᠨ ᠲᠠᠩᠭᠢᠮ᠂ ᠨᠠᠷᠠᠲᠤ ᠪᠠᠭᠰᠢ ᠶᠢᠨ ᠬᠢᠴᠢᠶᠡᠯ ᠤᠨ ᠲᠠᠩᠭᠢᠮ᠂ ᠨᠠᠷᠠᠲᠤ ᠰᠤᠷᠭᠠᠭᠤᠯᠢ ᠶᠢᠨ ᠰᠦᠯᠵᠢᠶᠡᠨ ᠤ ᠬᠢᠴᠢᠶᠡᠯ ᠤᠨ ᠲᠠᠩᠭᠢᠮ︶᠂ ᠬᠤᠳᠠ ᠬᠦᠳᠡᠭᠡ ᠶᠢᠨ ᠰᠤᠷᠭᠠᠭᠤᠯᠢ ᠬᠠᠪᠰᠤᠷᠤᠯᠴᠠᠭ᠎ᠠ ᠪᠠᠶᠢᠭᠤᠯᠬᠤ᠂ OMO ᠶᠢᠨ ᠠᠭᠤᠰᠤᠯᠴᠠᠯ ᠢᠶᠠᠷ ᠳᠠᠮᠵᠢᠭᠤᠯᠵᠤ᠂ ᠰᠢᠯᠢᠳᠡᠭ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠬᠢᠭᠡᠳ ᠰᠤᠷᠭᠠᠨ ᠬᠥᠮᠦᠵᠢᠯ ᠤᠨ ᠦᠢᠯᠡᠴᠢᠯᠡᠭᠡ ᠶᠢ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠳᠤ ᠪᠠᠶᠢᠩᠭᠤ ᠬᠦᠷᠭᠡᠵᠦ ᠪᠤᠢ᠃ ᠵᠢᠭᠠᠨ ᠰᠤᠷᠭᠠᠯᠲᠠ ᠶᠢᠨ ᠬᠤᠪᠢ ᠳᠤ ︽ᠭᠤᠷᠪᠠᠨ ᠬᠢᠴᠢᠶᠡᠯ ᠤᠨ ᠲᠠᠩᠭᠢᠮ︾ ᠢᠶᠠᠷ ᠳ᠋ᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠪᠠᠭᠰᠢ ᠰᠤᠷᠤᠭᠴᠢᠳ ᠲᠤ ᠴᠢᠨᠠᠷ ᠰᠠᠶᠢᠲᠠᠢ ᠵᠢᠭᠠᠨ ᠰᠤᠷᠭᠠᠯᠲᠠ ᠶᠢᠨ ᠠᠭᠤᠯᠭ᠎ᠠ ᠶᠢ ᠵᠡᠷᠭᠡ ᠪᠠᠷ ᠬᠦᠷᠲᠡᠭᠡᠵᠦ᠂ ᠵᠢᠭᠠᠨ ᠰᠤᠳᠤᠯᠤᠭᠴᠢ ᠪᠠ ᠬᠤᠲᠠ ᠶᠢᠨ ᠴᠢᠨᠠᠷ ᠰᠠᠶᠢᠲᠠᠢ ᠬᠠᠪᠰᠤᠷᠤᠯᠴᠠᠭ᠎ᠠ ᠪᠠᠶᠢᠭᠤᠯᠤᠭᠰᠠᠨ ᠰᠤᠷᠭᠠᠭᠤᠯᠢ ᠶᠢᠨ ᠪᠠᠭᠰᠢ ᠶᠢᠨ ᠵᠢᠭᠠᠨ ᠵᠢᠯᠣᠭᠤᠳᠤᠯᠭ᠎ᠠ ᠪᠠᠷ ᠵᠢᠭᠠᠨ ᠰᠤᠷᠭᠠᠯᠲᠠ ᠪᠠᠨ ᠰᠢᠯᠢᠳᠡᠭᠵᠢᠬᠦᠯᠵᠦ᠂ ᠵᠢᠭᠠᠨ ᠰᠤᠷᠭᠠᠯᠲᠠ ᠶᠢᠨ ᠶᠠᠪᠤᠴᠠ ᠪᠠ ᠦᠷ᠎ᠡ ᠪᠦᠲᠦᠮᠵᠢ ᠶᠢ ᠦᠨᠡᠯᠡᠬᠦᠯᠵᠦ᠂ ᠬᠥᠳᠡᠭᠡ ᠲᠣᠰᠬᠤᠨ ᠤ ᠰᠤᠷᠭᠠᠭᠤᠯᠢ ᠶᠢᠨ ᠵᠢᠭᠠᠨ ᠰᠤᠷᠭᠠᠯᠲᠠ ᠶᠢ ᠲᠠᠰᠤᠷᠠᠯᠲᠠ ᠦᠭᠡᠢ ᠠᠬᠢᠭᠤᠯᠪᠠ᠃ ︵︽ᠦᠪᠦᠷ ᠮᠤᠩᠭᠤᠯ ᠤᠨ ᠡᠳᠦᠷ ᠤᠨ ᠰᠤᠨᠢᠨ︾ ᠠᠴᠠ︶
2023-02-28-55283428be-50ac-472b-82d2-7248136f5b85.jpg
ᠰᠦᠯᠵᠢᠶᠡᠨ ᠲᠡᠭᠡᠷ᠎ᠡ ᠵᠢᠭᠠᠬᠤ ᠶᠢ ᠰᠤᠳᠤᠯᠬᠤ ᠠᠵᠢᠯᠯᠠᠭ᠎ᠠ ᠦᠷᠨᠢᠬᠦᠯᠦᠨ᠎ᠠ
2023-02-28-10a39a76ec-a3c1-4551-8f8d-8502849719a0.jpg
    ᠤᠶᠤᠨᠴᠢ ᠲᠤᠷᠰᠢᠯᠳᠠ ᠶᠢᠨ ᠲᠠᠰᠤᠭ    
2023-02-28-241b35508f-a14d-4851-8727-13fd365b91f0.jpg
   ᠤᠯᠠᠨ ᠵᠠᠭᠤᠴᠢᠳᠤ ᠬᠢᠴᠢᠶᠡᠯ ᠤᠨ ᠲᠠᠩᠭᠢᠮ
2023-02-28-586c942eed-4d78-4fa2-b366-a2b22b2ef5ed.jpg
  ᠨᠤᠮ ᠤᠨ ᠪᠡᠯᠡᠭ ᠲᠤᠰᠤᠨ᠎ᠠ    
2023-02-28-36b3cf2621-9be1-45f6-82cd-ff2cd6fe100c.jpg
 ᠬᠠᠪᠳᠠᠭᠠᠢ ᠺᠤᠮᠫᠢᠦ᠋ᠲᠷ  ᠢᠶᠠᠷ ᠬᠢᠴᠢᠶᠡᠯᠯᠡᠨ᠎ᠡ   
2023-02-28-08932732ac-fe5b-4f97-8fa4-9ad688c618be.jpg 
    ᠰᠢᠨ᠎ᠠ ᠶᠢᠨ ᠴᠠᠶᠢᠯᠠᠯᠭ᠎ᠠ 
ᠢᠷᠡᠯᠲᠡ᠄ ᠣᠷᠳᠣᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ