ᠬᠤᠩᠭᠤᠷᠵᠤᠯᠠ — ᠦᠨᠳᠦᠰᠦᠳᠡᠨ ᠤ ᠰᠤᠷᠭᠠᠨ ᠬᠦᠮᠦᠵᠢᠯ ᠤᠨ ᠹᠷᠤᠨᠲ ᠲᠤ ᠭᠠᠪᠰᠢᠭᠠᠶᠢᠯᠠᠭᠴᠢ
ᠨᠡᠶᠢᠲᠡᠯᠡᠭᠰᠡᠨ ᠴᠠᠭ᠄
2023/3/15
       ᠪᠠᠭᠰᠢ ᠶᠢᠨ ᠠᠵᠢᠯ ᠬᠡᠵᠦ ᠨᠡᠶᠢᠬᠡᠮ ᠨᠡᠶᠢᠲᠡ ᠳᠤ ᠨᠦᠯᠦᠬᠡ ᠲᠤᠰᠬᠠᠯ ᠶᠡᠭᠡ ᠲᠠᠢ᠂ ᠡᠬᠦᠷᠬᠡ ᠬᠠᠷᠢᠭᠤᠴᠠᠯᠭ᠎ᠠ ᠬᠦᠨᠳᠦ ᠂ ᠤᠯᠤᠰ ᠦᠨᠳᠦᠰᠦᠳᠡᠨ ᠤ ᠬᠦᠭᠵᠢᠯ ᠮᠠᠨᠳᠤᠯ ᠤᠨ ᠵᠢᠯᠣᠭᠤ ᠶᠢ ᠡᠷᠬᠦᠭᠰᠡᠨ ᠡᠷᠬᠢᠮ ᠲᠡᠭᠡᠳᠦ ᠲᠤᠰᠬᠠᠢ ᠮᠡᠷᠬᠡᠵᠢᠯ ᠤᠨ ᠠᠵᠢᠯ ᠪᠤᠯᠠᠬᠤ ᠶᠤᠮ᠃ ᠡᠨᠡ ᠭᠦ ᠡᠷᠬᠢᠮ ᠠᠯᠳᠠᠷ ᠢ ᠡᠷᠬᠦᠵᠦ᠂ ᠵᠢᠳᠬᠦᠯ ᠢᠶᠠᠷ ᠮᠠᠷᠠᠶᠢᠵᠤ ᠶᠠᠪᠤᠭ᠎ᠠ ᠲᠦᠮᠡᠨ ᠮᠢᠩᠭᠠᠨ ᠪᠠᠭᠰᠢ ᠶᠢᠨ ᠲᠤᠲᠤᠷᠠᠬᠢ ᠨᠢᠭᠡᠨ ᠪᠣᠯ ᠲᠠᠷᠤᠢ ᠦᠦᠰᠢᠨ ᠬᠤᠰᠢᠭᠤᠨ ᠤ ᠲᠠᠪᠤᠳᠤᠭᠠᠷ ᠪᠠᠭ᠎ᠠ ᠰᠤᠷᠭᠠᠭᠤᠯᠢ ᠶᠢᠨ ᠬᠤᠩᠭᠤᠷᠵᠤᠯᠠ ᠪᠠᠭᠰᠢ  ᠪᠤᠯᠤᠨ᠎ᠠ᠃ ᠲᠡᠷᠡ ᠣᠳᠤ ᠬᠡᠯᠡ ᠪᠢᠴᠢᠭ ᠤᠨ ᠬᠢᠴᠢᠶᠡᠯ᠂ ᠬᠦᠳᠡᠯᠮᠦᠷᠢ ᠶᠢᠨ ᠬᠢᠴᠢᠶᠡᠯ ᠢ ᠵᠢᠭᠠᠬᠤ ᠶᠢᠨ ᠵᠡᠷᠬᠡ ᠪᠠᠷ ᠠᠩᠭᠢ ᠶᠢᠨ ᠡᠷᠬᠢᠯᠡᠭᠴᠢ᠂ ᠶᠤᠰᠤ ᠰᠤᠷᠳᠠᠬᠤᠨ ᠤ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠤᠢ᠃              ᠪᠠᠭᠰᠢ ᠪᠤᠯᠤᠭᠰᠠᠨ 20 ᠭᠠᠷᠤᠢ ᠵᠢᠯ ᠤᠨ ᠲᠤᠷᠰᠢ ᠲᠡᠷᠡ ᠨᠠᠮ ᠤᠨ ᠰᠤᠷᠭᠠᠨ ᠬᠥᠮᠦᠵᠢᠯ ᠤᠨ ᠦᠢᠯᠡᠰ ᠲᠤ  ᠦᠨᠡᠨᠴᠢ ᠪᠠᠷ ᠬᠠᠨᠳᠤᠨ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠡᠭᠡᠯ  ᠵᠢᠷ ᠤᠨ ᠵᠢᠭᠠᠨ ᠰᠤᠷᠭᠠᠯᠲᠠ ᠶᠢᠨ ᠠᠵᠢᠯ ᠤᠨ ᠪᠠᠶᠢᠷᠢ ᠳᠡᠭᠡᠷ᠎ᠡ ᠶᠡᠷᠦ ᠪᠤᠰᠤ ᠶᠢᠨ ᠵᠢᠳᠬᠦᠯ ᠴᠢᠷᠮᠠᠶᠢᠯᠭ᠎ᠠ ᠭᠠᠷᠭᠠᠵᠤ᠂  ᠰᠤᠷᠤᠭᠴᠢᠳ ᠤᠨ ᠢᠶᠠᠨ ᠬᠦᠨᠳᠦᠳᠭᠡᠯ ᠪᠢᠰᠢᠷᠡᠯ᠂ ᠭᠡᠷ ᠤᠨ ᠠᠬᠠᠮᠠᠳ ᠨᠠᠷ ᠤᠨ ᠰᠡᠶᠢᠨ ᠦᠨᠡᠯᠡᠯᠳᠡ᠂ ᠤᠳᠤᠷᠢᠳᠤᠯᠭ᠎ᠠ ᠪᠣᠯᠤᠨ ᠬᠠᠮᠲᠤ ᠠᠵᠢᠯᠯᠠᠭᠰᠠᠳ ᠤᠨ ᠢᠶᠠᠨ ᠮᠠᠭᠳᠠᠭᠠᠯ ᠰᠠᠶᠢᠰᠢᠶᠠᠯ ᠢ ᠤᠯᠠᠨᠳᠠ ᠬᠦᠷᠳᠡᠵᠦ ᠶᠠᠪᠤᠵᠠᠢ᠃
     2023-03-10-450acd3186-284f-49c1-9d60-570d25a01d33.jpg   
       ᠠᠩᠭᠢ ᠶᠢᠨ ᠡᠷᠬᠢᠯᠡᠭᠴᠢ ᠶᠢᠨ ᠲᠣᠰ ᠪᠡᠶ᠎ᠡ ᠶᠢᠨ ᠬᠡᠪ ᠪᠣᠯᠪᠠᠰᠤᠷᠠᠯ᠂ ᠦᠭᠡ ᠶᠠᠷᠢᠶ᠎ᠠ ᠦᠢᠯᠡ ᠬᠥᠳᠡᠯᠦᠯ ᠨᠢ ᠰᠤᠷᠤᠭᠴᠢᠳ ᠤᠨ ᠶᠣᠰᠣ ᠮᠣᠷᠠᠯ ᠤᠨ ᠲᠠᠨᠢᠯᠲᠠ᠂ ᠦᠢᠯᠡ ᠠᠵᠢᠯᠯᠠᠭᠠᠨ ᠤ ᠳᠠᠳᠬᠠᠯ ᠳᠤ ᠣᠷᠣᠯᠠᠭᠤᠯᠵᠤ ᠪᠣᠯᠤᠰᠢ ᠥᠬᠡᠶ  ᠨᠥᠯᠥᠭᠡ ᠲᠠᠢ ᠪᠠᠶᠢᠳᠠᠭ᠃ ᠬᠤᠨᠭ᠍ᠭᠤᠷᠵᠤᠯᠠ ᠪᠠᠭᠰᠢ ᠤᠳᠠᠭᠠᠨ ᠵᠢᠯ ᠠᠩᠭᠢ ᠶᠢᠨ ᠡᠷᠬᠢᠯᠡᠭᠴᠢ ᠶᠢᠨ ᠠᠵᠢᠯ ᠢ ᠬᠢᠵᠦ ᠶᠠᠪᠤᠬᠤ ᠳᠠᠭᠠᠨ ᠪᠦᠬᠦ ᠲᠠᠯ᠎ᠠ ᠪᠠᠷ ᠬᠡᠪ ᠪᠤᠯᠪᠠᠰᠤᠷᠠᠯ ᠦᠨᠳᠦᠷ ᠰᠤᠷᠤᠭᠴᠢ ᠶᠢ ᠬᠦᠮᠦᠵᠢᠬᠦᠯᠬᠦ ᠶᠢ ᠠᠵᠢᠯ ᠤᠨ ᠭᠤᠤᠯᠳᠠᠯᠭ᠎ᠠ ᠪᠠᠨ ᠪᠤᠯᠭᠠᠨ ᠠᠳᠬᠤᠭᠰᠠᠭᠠᠷ ᠢᠷᠡᠵᠡᠢ᠃ ᠲᠠᠷᠤᠢ ᠰᠤᠷᠤᠭᠴᠢᠳ ᠤᠨ ᠰᠤᠷᠤᠯᠭ᠎ᠠ ᠶᠢᠨ ᠬᠢᠷᠢ ᠪᠦᠲᠦᠮᠵᠢ ᠶᠢ  ᠠᠳᠬᠤᠬᠤ ᠠᠴᠠ ᠭᠠᠳᠠᠨ᠎ᠠ ᠪᠠᠰᠠ ᠡᠷᠡᠭᠦᠯ ᠬᠠᠮᠠᠭᠠᠯᠠᠯ ᠤᠨ ᠳᠠᠳᠬᠠᠯ ᠢ ᠬᠥᠮᠦᠵᠢᠭᠦᠯᠬᠦ᠂ ᠬᠥᠳᠡᠯᠮᠦᠷᠢ ᠳᠤ ᠤᠷᠤᠯᠴᠠᠭᠤᠯᠬᠤ᠂  ᠶᠤᠰᠤ ᠰᠤᠷᠳᠠᠬᠤᠨ ᠢ ᠬᠦᠮᠦᠵᠢᠬᠦᠯᠬᠦ᠂ ᠪᠡᠶ᠎ᠡ ᠮᠠᠬᠠᠪᠤᠳ ᠢ ᠨᠢ ᠲᠠᠪᠳᠠᠨ ᠪᠤᠯᠪᠠᠰᠤᠷᠠᠭᠤᠯᠬᠤ ᠵᠡᠷᠬᠡ ᠲᠠᠯ᠎ᠠ ᠪᠠᠷ  ᠴᠢᠬᠤᠯᠠᠴᠢᠯᠠᠨ᠂ ᠠᠩᠭᠢ ᠶᠢᠨ ᠴᠡᠪᠡᠷᠯᠡᠭᠡ᠂ ᠦᠷᠯᠦᠬᠡᠨ ᠤ ᠲᠠᠮᠢᠷ᠂ ᠬᠠᠮᠳᠤ ᠶᠢᠨ ᠬᠦᠳᠡᠯᠬᠡᠬᠡᠨ ᠳᠤ ᠪᠦᠷ  ᠰᠤᠷᠤᠭᠴᠢᠳ ᠲᠠᠢ ᠪᠠᠨ ᠬᠠᠮᠳᠤ ᠪᠠᠷ ᠤᠷᠤᠯᠴᠠᠵᠤ᠂ ᠪᠡᠶ᠎ᠡ ᠪᠠᠷ ᠢᠶᠠᠨ ᠲᠠᠭᠤᠷᠢᠶᠠᠯ ᠦᠵᠡᠬᠦᠯᠦᠨ᠂ ᠰᠤᠷᠤᠭᠴᠢᠳ ᠤᠨ ᠢᠶᠠᠨ ᠢᠳᠡᠪᠬᠢᠵᠢᠯ ᠢ ᠲᠠᠶᠢᠴᠢᠯᠠᠨ ᠵᠤᠷᠢᠭᠵᠢᠭᠤᠯᠳᠠᠭ ᠪᠠᠶᠢᠯ᠎ᠠ᠃ ᠡᠬᠦᠨ ᠠᠴᠠ ᠭᠠᠳᠠᠨ᠎ᠠ ᠲᠡᠷᠡ ᠪᠠᠰᠠ ᠣᠨᠴᠠᠭᠠᠢ ᠰᠤᠷᠤᠭᠴᠢ ᠶᠢ ᠤᠨᠴᠠᠭᠠᠢ ᠠᠷᠭ᠎ᠠ ᠪᠠᠷ ᠬᠦᠮᠦᠵᠢᠬᠦᠯᠳᠡᠭ᠃ ᠲᠡᠲᠡᠨ ᠤ ᠠᠩᠭᠢ ᠳᠤ ᠠᠪᠤ ᠡᠵᠢ ᠨᠢ ᠤᠷᠤᠭ ᠰᠠᠯᠤᠭᠰᠠᠨ ᠠᠴᠠ ᠬᠠᠶᠢᠷ᠎ᠠ  ᠬᠠᠯᠠᠮᠵᠢ ᠲᠤᠳᠠᠭᠤᠳᠠᠵᠤ᠂ ᠵᠠᠩ ᠴᠢᠨᠠᠷ ᠨᠢ ᠡᠳᠡᠬᠡᠳ ᠵᠦᠷᠢᠬᠦᠦ᠂ ᠦᠷᠬᠦᠯᠵᠢ ᠬᠠᠮᠳᠤ ᠨᠦᠬᠦᠳ ᠲᠠᠢ ᠪᠠᠨ ᠬᠡᠷᠡᠬᠦᠯ  ᠵᠤᠳᠤᠭᠠᠨ ᠬᠢᠳᠡᠭ ᠨᠢᠬᠡ ᠰᠤᠷᠤᠭᠴᠢ ᠪᠠᠶᠢᠵᠠᠢ᠂ ᠬᠡᠪᠡᠴᠦ ᠲᠡᠷᠡ ᠰᠤᠷᠤᠭᠴᠢ ᠬᠦᠯ ᠪᠦᠮᠪᠦᠭᠡ ᠢᠰᠬᠦᠯᠬᠦ ᠲᠠᠯ᠎ᠠ ᠪᠠᠷ ᠠᠪᠢᠶᠠᠰ ᠪᠢᠯᠢᠭ ᠲᠠᠢ᠃ ᠡᠶᠢᠮᠦᠷᠬᠦᠦ ᠤᠨᠴᠠᠭᠠᠢ ᠪᠠᠶᠢᠳᠠᠯ ᠳᠤ ᠬᠤᠨᠭ᠍ᠭᠤᠷᠵᠤᠯᠠ ᠪᠠᠭᠰᠢ ᠲᠡᠷᠡ ᠰᠤᠷᠤᠭᠴᠢ ᠶᠢ ᠰᠢᠬᠦᠮᠵᠢᠯᠡᠵᠦ ᠵᠢᠮᠡᠯᠡᠬᠦ ᠨᠢ ᠴᠦᠬᠡᠨ᠂ ᠵᠤᠷᠢᠭᠵᠢᠭᠤᠯᠵᠤ ᠬᠠᠯᠠᠮᠵᠢᠯᠠᠬᠤ ᠨᠢ ᠤᠯᠠᠨ ᠪᠠᠶᠢᠵᠤ᠂ ᠨᠡᠩ ᠢᠯᠠᠩᠭᠤᠶ᠎ᠠ ᠬᠦᠯ ᠪᠦᠮᠪᠦᠭᠡ ᠢᠰᠬᠦᠯᠬᠦ ᠶᠢ ᠨᠢ ᠤᠨᠴᠠᠭᠠᠶᠢᠯᠠᠨ ᠵᠤᠷᠢᠭᠵᠢᠭᠤᠯᠤᠨ ᠬᠠᠯᠠᠰᠢᠷᠠᠯ ᠦᠬᠡᠢ ᠵᠢᠯᠤᠭᠤᠳᠤᠨ ᠬᠦᠮᠦᠵᠢᠬᠦᠯᠦᠭᠰᠡᠨ ᠢᠶᠠᠷ ᠬᠤᠵᠢᠮ ᠨᠢ ᠲᠡᠷᠡ ᠰᠤᠷᠤᠭᠴᠢ ᠪᠡᠶ᠎ᠡ ᠶᠢᠨ ᠲᠠᠮᠢᠷ ᠤᠨ ᠰᠤᠷᠭᠠᠭᠤᠯᠢ ᠳᠤ ᠰᠢᠯᠭᠠᠭᠤᠯᠤᠨ ᠤᠷᠤᠭᠰᠠᠨ ᠪᠥᠭᠡᠳ ᠮᠤᠵᠢ ᠶᠢᠨ ᠲᠡᠰ ᠤᠨ ᠬᠦᠯ ᠪᠥᠮᠪᠦᠭᠡ ᠶᠢᠨ ᠺᠯᠦᠪ ᠲᠤ ᠡᠯᠰᠡᠭᠳᠡᠭᠰᠡᠨ ᠪᠠᠶᠢᠨ᠎ᠠ᠃     
2023-03-10-0350e16141-f6c4-49d6-aa6b-83d380f7b546.jpg
         ︽ᠰᠤᠷᠤᠭᠴᠢᠳ ᠤᠨ ᠰᠤᠷᠭᠠᠨ ᠬᠥᠮᠦᠵᠢᠯ᠂ ᠠᠩᠭᠢ ᠶᠢᠨ ᠬᠠᠮᠢᠶᠠᠷᠤᠯᠲᠠ ᠪᠣᠯ ᠬᠠᠮᠲᠤ ᠶᠢᠨ ᠠᠵᠢᠯᠯᠠᠭ᠎ᠠ ᠪᠠᠶᠢᠵᠤ᠂ ᠬᠠᠮᠲᠤ ᠶᠢᠨ ᠤᠶᠤᠨ ᠤᠬᠠᠭᠠᠨ ᠰᠠᠶ᠋ᠢ ᠰᠤᠷᠤᠭᠴᠢᠳ ᠤᠨ ᠪᠦᠬᠦ ᠲᠠᠯ᠎ᠠ ᠪᠠᠷ ᠦᠰᠦᠨ ᠪᠤᠶᠢᠵᠢᠬᠤ ᠶᠢ ᠠᠬᠢᠭᠤᠯᠵᠤ ᠴᠢᠳᠠᠳᠠᠭ ︾ ᠬᠡᠵᠦ ᠬᠤᠨᠭ᠍ᠭᠤᠷᠵᠤᠯᠠ ᠪᠠᠭᠰᠢ ᠶᠠᠷᠢᠨ᠎ᠠ᠃ ᠶᠠᠭ ᠡᠶᠢᠮᠦ ᠠᠴᠠ ᠲᠡᠷᠡ ᠠᠵᠢᠯ ᠤᠨ ᠳᠤᠮᠳᠠ ᠪᠠᠨ ᠰᠠᠨᠠᠭᠠᠴᠢᠯᠠᠭ᠎ᠠ ᠠᠴᠠ ᠪᠠᠨ ᠡᠯ᠎ᠡ ᠬᠢᠴᠢᠶᠡᠯ ᠲᠦᠷᠦᠯ ᠤᠨ ᠪᠠᠭᠰᠢ ᠨᠠᠷ ᠲᠠᠢ ᠰᠠᠨᠠᠯ ᠢᠶᠠᠨ ᠰᠣᠯᠢᠯᠴᠠᠨ᠂ ᠵᠢᠭᠠᠨ ᠰᠤᠷᠭᠠᠬᠤ ᠲᠤᠷᠰᠢᠯᠭ᠎ᠠ ᠰᠤᠷᠭᠠᠮᠵᠢ ᠪᠠᠨ ᠬᠠᠮᠲᠤ ᠪᠠᠷ ᠡᠳ᠋ᠯᠡᠵᠦ᠂ ᠥᠨᠳᠥᠷ ᠪᠦᠲᠦᠮᠵᠢᠲᠡᠶ ᠠᠵᠢᠯ ᠤᠨ ᠪᠦᠯᠬᠦᠮ ᠢ ᠪᠦᠷᠢᠯᠳᠦᠭᠦᠯᠦᠨ᠂ ᠠᠩᠭᠢ ᠶᠢᠨ ᠬᠠᠮᠢᠶᠠᠷᠤᠯᠲᠠ ᠪᠠᠨ  ᠰᠢᠯᠢᠳᠡᠭᠵᠢᠬᠦᠯᠦᠭᠰᠡᠭᠡᠷ ᠢᠷᠡᠭᠰᠡᠨ ᠪᠤᠯᠬᠤᠷ ᠲᠡᠬᠦᠨ ᠤ ᠡᠷᠬᠢᠯᠡᠭᠰᠡᠨ ᠠᠩᠭᠢ ᠨᠢ ᠬᠤᠰᠢᠭᠤᠨ ᠤ ᠲᠠᠰ ᠤᠨ ︽ᠰᠢᠯᠢᠳᠡᠭ  ᠪᠠᠭᠠᠴᠤᠳ ᠤᠨ ᠬᠤᠰᠢᠭᠤᠴᠢ ᠠᠩᠭᠢ ᠶᠢᠨ ᠬᠠᠮᠲᠤ ᠨᠡᠶᠢᠲᠡ︾᠂ ︽ᠬᠤᠲᠠ ᠶᠢᠨ ᠲᠠᠰ ᠤᠨ ᠬᠠᠯᠠᠭᠤᠨ ᠳᠤᠯᠠᠭᠠᠨ ᠬᠢᠴᠢᠶᠡᠯ ᠤᠨ ᠬᠡᠷ︾ ᠵᠡᠷᠬᠡ ᠢᠷᠠᠭᠤ ᠠᠯᠳᠠᠷ ᠢ ᠤᠯᠠᠨᠳᠠ ᠬᠦᠷᠳᠡᠵᠦ ᠦᠡᠭᠭᠡᠷᠡᠵᠡᠢ᠃ ᠰᠤᠷᠤᠭᠴᠢᠳ ᠤᠨ ᠰᠤᠷᠭᠠᠨ  ᠬᠥᠮᠦᠵᠢᠯ ᠪᠣᠯ ᠨᠡᠶᠢᠭᠡᠮ᠂ ᠰᠤᠷᠭᠠᠭᠤᠯᠢ᠂ ᠭᠡᠷ ᠪᠦᠯᠢ ᠭᠤᠷᠪᠠ ᠶᠢ ᠨᠢᠭᠡ ᠴᠤᠭᠴᠠᠵᠢᠭᠤᠯᠤᠭᠰᠠᠨ ᠰᠤᠷᠭᠠᠨ ᠬᠥᠮᠦᠵᠢᠯ  ᠪᠤᠯᠬᠤᠷ ᠬᠤᠨᠭ᠍ᠭᠤᠷᠵᠤᠯᠠ ᠪᠠᠭᠰᠢ ᠭᠡᠷ ᠤᠨ ᠠᠬᠠᠮᠠᠳ ᠤᠨ ᠬᠤᠷᠠᠯ᠂ ᠭᠡᠷ ᠤᠨ ᠰᠤᠷᠪᠤᠯᠵᠢᠯᠠᠭ᠎ᠠ᠂ ᠵᠢᠷᠬᠢᠶ᠎ᠠ ᠶᠢᠨ ᠬᠤᠯᠪᠤᠭ᠎ᠠ  ᠵᠡᠷᠬᠡ ᠠᠷᠭ᠎ᠠ ᠬᠡᠯᠪᠡᠷᠢ ᠶᠢ ᠠᠰᠢᠭᠯᠠᠨ ᠭᠡᠷ ᠤᠨ ᠠᠬᠠᠮᠠᠳ ᠲᠠᠢ ᠬᠠᠮᠳᠤ ᠪᠠᠷ ᠬᠡᠦᠬᠡᠳ ᠢ ᠰᠤᠷᠭᠠᠨ ᠬᠥᠮᠦᠵᠢᠭᠦᠯᠬᠦ ᠠᠷᠭ᠎ᠠ ᠶᠢ  ᠵᠥᠪᠳᠡᠯᠴᠡᠵᠦ᠂ ᠰᠤᠷᠤᠭᠴᠢᠳ ᠤᠨ ᠰᠤᠷᠭᠠᠭᠤᠯᠢ ᠳᠠᠬᠢ ᠡᠯ᠎ᠡ ᠵᠦᠢᠯ ᠤᠨ ᠠᠵᠢᠯᠯᠠᠭᠠᠨ ᠤ ᠭᠡᠷᠡᠯ ᠵᠢᠷᠤᠭ᠂ ᠳᠦᠷᠰᠦ ᠰᠢᠩᠭᠡᠭᠡᠯᠲᠡ ᠶᠢ ᠴᠠᠭ ᠲᠤᠬᠠᠢ ᠳᠤᠨᠢ ᠰᠦᠯᠵᠢᠶ᠎ᠡ ᠪᠠᠷ ᠬᠡᠷ ᠤᠨ ᠠᠬᠠᠮᠠᠳ ᠨᠠᠷ ᠲᠠᠢ ᠬᠤᠪᠢᠶᠠᠯᠴᠠᠵᠤ᠂ ᠭᠡᠷ ᠤᠨ ᠠᠬᠠᠮᠠᠳ ᠤᠨ ᠬᠡᠦᠬᠡᠳ ᠤᠨ ᠰᠤᠷᠭᠠᠭᠤᠯᠢ ᠳᠠᠬᠢ ᠢᠯᠡᠷᠡᠯ ᠢ ᠣᠶᠢᠯᠠᠭᠠᠵᠤ᠂ ᠬᠠᠮᠳᠤ ᠪᠠᠷ ᠬᠡᠦᠬᠡᠳ ᠢ ᠬᠦᠮᠦᠵᠢᠬᠦᠯᠬᠦ ᠳᠤ  ᠲᠦᠬᠦᠮ ᠦᠵᠡᠬᠦᠯᠦᠭᠰᠡᠨ ᠪᠠᠶᠢᠨ᠎ᠠ᠃               ᠴᠢᠷᠮᠠᠶᠢᠯᠭ᠎ᠠ ᠬᠦᠮᠦᠨ ᠢ ᠭᠤᠮᠤᠳᠠᠭᠠᠳᠠᠭ ᠦᠬᠡᠢ ᠭᠡᠳᠡᠭ ᠢᠶᠠᠷ ᠬᠤᠩᠭᠤᠷᠵᠤᠯᠠ ᠪᠠᠭᠰᠢ ᠤᠷᠢᠳ ᠬᠤᠵᠢᠳ  ᠰᠤᠷᠭᠠᠭᠤᠯᠢ ᠶᠢᠨ ᠲᠠᠰ ᠤᠨ ︽3 · 8︾   ᠤ ᠤᠯᠠᠭᠠᠨ ᠲᠤᠭᠴᠢ᠂ ᠲᠡᠷᠢᠭᠦᠨ ᠤ ᠬᠤᠪᠢ ᠬᠥᠮᠦᠨ᠂ ᠬᠤᠰᠢᠭᠤᠨ ᠤ  ᠲᠠᠰ ᠤᠨ ᠰᠢᠯᠢᠳᠡᠭ ᠠᠩᠭᠢ ᠶᠢᠨ ᠡᠷᠬᠢᠯᠡᠭᠴᠢ᠂ ᠬᠢᠴᠢᠶᠡᠯ ᠲᠦᠷᠦᠯ ᠤᠨ ᠳᠠᠭᠠᠭᠤᠯᠤᠭᠴᠢ᠂ ᠬᠤᠰᠢᠭᠤᠨ ᠤ ᠲᠠᠰ ᠤᠨ ᠠᠩᠭᠢ ᠶᠢᠨ ᠡᠷᠬᠢᠯᠡᠭᠴᠢ ᠶᠢᠨ ᠦᠨᠳᠦᠰᠦᠨ ᠪᠣᠯᠪᠠᠰᠤᠷᠠᠯ ᠤᠨ ᠤᠷᠤᠯᠳᠤᠭᠠᠨ ᠤ ᠬᠤᠶᠠᠳᠤᠭᠠᠷ ᠳᠡᠰ ᠤᠨ ᠱᠠᠩᠨᠠᠯ᠂ ᠵᠠᠯᠠᠭᠤ  ᠪᠠᠭᠰᠢ ᠶᠢᠨ ᠦᠨᠳᠦᠰᠦᠨ ᠪᠣᠯᠪᠠᠰᠤᠷᠠᠯ ᠤᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠵᠡᠷᠭᠡ ᠶᠢ ᠭᠥᠷᠳᠡᠵᠦ᠂ ︽ ᠠᠩᠭᠢ ᠶᠢᠨ ᠬᠠᠮᠢᠶᠠᠷᠤᠯᠲᠠ︾ ᠬᠡᠬᠦ ᠥᠭᠦᠯᠡᠯ ᠨᠢ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠮᠡᠷᠭᠡᠵᠢᠯ ᠤᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠤᠨ ᠭᠤᠷᠪᠠᠳᠤᠭᠠᠷ ᠳᠡᠰ ᠤᠨ ᠱᠠᠩᠨᠠᠯ ᠢ ᠭᠥᠷᠳᠡᠭᠰᠡᠨ ᠪᠥᠭᠡᠳ ᠤᠯᠤᠰ ᠤᠨ ᠭᠤᠤᠯᠯᠠᠭᠴᠢ ᠰᠡᠳᠬᠦᠯ ᠳᠤ ᠨᠡᠶᠢᠲᠡᠯᠡᠭᠳᠡᠭᠰᠡᠨ ᠪᠠᠶᠢᠨ᠎ᠠ᠃               ᠡᠳᠦᠬᠡ ᠬᠤᠩᠭᠤᠷᠵᠤᠯᠠ ᠪᠠᠭᠰᠢ ᠨᠢᠭᠡᠨ ᠰᠡᠳᠭᠢᠯ ᠢᠶᠠᠷ ᠰᠤᠷᠭᠠᠨ ᠬᠦᠮᠦᠵᠢᠯ ᠤᠨ ᠦᠢᠯᠡᠰ ᠲᠤ ᠬᠦᠴᠦ ᠲᠠᠯᠪᠢᠨ᠂  ᠦᠨᠳᠦᠰᠦᠳᠡᠨ ᠤ ᠰᠤᠷᠭᠠᠨ ᠬᠦᠮᠦᠵᠢᠯ ᠤᠨ ᠠᠵᠢᠯ ᠢ ᠰᠢᠨ᠎ᠡ ᠲᠦᠪᠰᠢᠨ ᠳᠤ ᠬᠦᠷᠬᠡᠵᠦ᠂ ᠡᠷᠳᠡᠮ ᠴᠢᠳᠠᠪᠤᠷᠢ ᠬᠤᠤᠰᠯᠠᠭᠰᠠᠨ ᠤᠯᠠᠨ ᠴᠢᠳᠠᠪᠤᠷᠢᠳᠠᠨ ᠢ ᠬᠦᠮᠦᠵᠢᠬᠦᠯᠦᠨ ᠭᠠᠷᠭᠠᠬᠤ ᠪᠠᠷ ᠢᠲᠡᠭᠡᠯ ᠲᠡᠬᠦᠯᠳᠡᠷ ᠴᠢᠷᠮᠠᠶᠢᠵᠤ ᠶᠠᠪᠤᠨ᠎ᠠ᠃       
ᠢᠷᠡᠯᠲᠡ᠄ ᠣᠷᠳᠣᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ