ᠵᠢᠷᠤᠭ ᠰᠢᠯᠦᠭ ᠤᠨ ᠶᠢᠷᠳᠢᠨᠴᠤ ᠬᠡᠮᠡᠷ ᠨᠤᠭᠤ ᠭᠠᠵᠠᠷ ᠤᠨ ᠷᠤᠮᠠᠨᠲ᠋ᠢᠭ ᠦᠵᠡᠮᠵᠢ
ᠨᠡᠶᠢᠲᠡᠯᠡᠭᠰᠡᠨ ᠴᠠᠭ᠄
2023/3/15
    ᠪᠠᠶᠠᠨᠨᠠᠭᠤᠷ ᠬᠤᠳᠠ ᠶᠢᠨ ᠯᠢᠨ ᠾᠧ ᠲᠣᠭᠤᠷᠢᠭ ᠤᠨ ᠬᠠᠷᠢᠶ᠎ᠠ ᠶᠢᠨ ᠬᠠᠳᠤᠨ ᠭᠤᠣᠯ ᠤᠨ ᠬᠦᠪᠡᠭᠡᠨ᠎ᠠ ᠰᠢᠪᠠᠭᠤᠳ ᠭᠠᠨᠭ᠍ᠭᠠᠨᠠᠯᠳᠤᠨ ᠨᠢᠰᠴᠤ᠂ ᠭᠤᠶᠢᠳᠠ ᠦᠵᠡᠮᠦᠷᠢ ᠶᠢ ᠪᠦᠷᠢᠳᠤᠬᠦᠯᠤᠨ᠎ᠠ᠃    
2023-03-14-3811c12c19-6fc6-46ac-94ca-84760c7532a7.png
    ᠬᠠᠲᠤᠨ ᠭᠤᠤᠯ ᠪᠠᠶᠠᠨᠨᠠᠭᠤᠷ ᠬᠤᠲᠠ ᠪᠠᠷ 333.5 ᠺᠢᠯᠣᠮᠧᠲᠷ ᠤᠷᠤᠰᠤᠨ ᠥᠩᠭᠡᠷᠡᠵᠦ᠂ ᠥᠷᠭᠡᠨ ᠠᠭᠤᠳᠠᠮ ᠨᠤᠭᠤ ᠭᠠᠵᠠᠷ ᠢ ᠪᠦᠷᠢᠯᠳᠤᠬᠦᠯᠵᠤ᠂ ᠪᠥᠬᠦ ᠬᠤᠲᠠ ᠶᠢᠨ ᠠᠮᠢ ᠠᠬᠤᠶ ᠶᠢᠨ ᠲᠡᠩᠴᠡᠭᠦᠷᠢ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠪᠠᠲᠤᠯᠠᠬᠤ ᠳᠤ ᠣᠷᠣᠯᠠᠭᠤᠯᠵᠤ ᠪᠣᠯᠤᠰᠢ ᠥᠬᠡᠶ ᠦᠢᠯᠡᠳᠦᠯ ᠦᠵᠡᠭᠦᠯᠤᠨ᠂ ᠪᠣᠷᠣᠲᠣᠬᠤᠶ ᠶᠢᠨ ᠲᠠᠯ᠎ᠠ ᠭᠠᠵᠠᠷ ᠤᠨ ᠠᠮᠢ ᠠᠬᠤᠶ ᠶᠢᠨ ᠠᠮᠤᠷ ᠲᠦᠪᠰᠢᠨ ᠪᠠ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠴᠢᠬᠤᠯᠠ ᠬᠠᠯᠬᠠᠪᠴᠢ ᠪᠣᠯᠤᠭᠰᠠᠨ ᠪᠠᠶᠢᠨ᠎ᠠ᠃    
2023-03-14-51212a091c-3e1e-400f-a3a1-3124bbdf5619.png
      ᠣᠯᠠᠨ ᠵᠢᠯ ᠤᠨ ᠲᠤᠷᠰᠢ᠂ ᠨᠤᠭᠤ ᠭᠠᠵᠠᠷ ᠢ ᠠᠪᠤᠷᠠᠯᠳᠠ ᠶᠢᠨ ᠴᠢᠨᠠᠷᠲᠠᠶ ᠬᠠᠮᠠᠭᠠᠯᠠᠬᠤ ᠶᠢᠨ ᠲᠦᠯᠦᠭᠡ᠂ ᠪᠠᠶᠠᠨᠨᠠᠭᠤᠷ ᠬᠤᠲᠠ ᠨᠤᠭᠤ‌ᠭᠠᠵᠠᠷ ᠤᠨ ᠲᠥᠷᠥᠯ ᠬᠡᠯᠪᠡᠷᠢ ᠶᠢᠨ ᠬᠠᠮᠠᠭᠠᠯᠠᠯᠲᠠ ᠶᠢᠨ ᠭᠠᠵᠠᠷ ᠢ ᠨᠡᠶᠢᠲᠡ 8 ᠪᠠᠶᠢᠭᠤᠯᠵᠤ᠂ ᠨᠤᠭᠤ ᠭᠠᠵᠠᠷ ᠤᠨ ᠠᠮᠢ ᠠᠬᠤᠶ ᠶᠢᠨ ᠦᠷ᠎ᠡ‌ᠠᠰᠢᠭ ᠤᠨ ᠨᠥᠬᠦᠪᠥᠷᠢ᠂ ᠲᠠᠷᠢᠶᠠᠯᠠᠬᠤ ᠶᠢ ᠵᠣᠭᠰᠣᠭᠠᠵᠤ ᠨᠤᠭᠤ ᠭᠠᠵᠠᠷ ᠢ ᠰᠡᠷᠭᠦᠭᠡᠬᠦ᠂ ᠨᠤᠭᠤ ᠭᠠᠵᠠᠷ ᠤᠨ ᠬᠠᠮᠠᠭᠠᠯᠠᠯᠲᠠ ᠶᠢᠨ ᠨᠥᠬᠦᠪᠥᠷᠢ‌‍ᠪᠠᠭᠤᠯᠭᠠᠬᠤ ᠵᠡᠷᠭᠡ ᠤᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠨ᠂ ᠭᠤᠤᠯ ᠪᠣᠯᠬᠤ ᠨᠤᠭᠤ ᠭᠠᠵᠠᠷ ᠤᠨ ᠡᠬᠢ ᠪᠠᠶᠠᠯᠢᠭ ᠢ‌ᠬᠠᠮᠠᠭᠠᠯᠠᠭᠰᠠᠨ ᠪᠠᠶᠢᠨ᠎ᠠ᠃ ᠡᠭᠦᠨ ᠤ ᠬᠠᠮᠲᠤ᠂ ᠬᠠᠮᠠᠭᠠᠯᠠᠯᠲᠠ ᠬᠢᠨᠠᠨ ᠬᠡᠮᠵᠢᠯᠲᠡ ᠶᠢᠨ ᠲᠥᠬᠦᠭᠡᠷᠦᠮᠵᠢ ᠶᠢ ᠲᠠᠰᠤᠷᠠᠯᠲᠠ ᠥᠬᠡᠶ‌‍ᠲ᠋ᠡᠭᠦᠯᠳᠡᠷᠵᠢᠭᠦᠯᠵᠦ᠂ ᠬᠠᠮᠲᠤᠷᠠᠨ ᠬᠠᠤᠯᠢ ᠬᠡᠷᠡᠭᠵᠢᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠠᠰᠠᠭᠤᠳᠠᠯ ᠢ ᠴᠡᠭᠴᠡᠯᠡᠨ‌ᠵᠠᠰᠠᠭᠰᠠᠨ ᠠᠴᠠ ᠨᠤᠭᠤ ᠭᠠᠵᠠᠷ ᠤᠨ ᠠᠮᠢ ᠠᠬᠤᠶ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠬᠤᠪᠣᠷ ᠴᠤᠬᠠᠭ ᠬᠡᠭᠡᠷ᠎ᠡ ᠵᠢᠨ‌ᠠᠮᠢᠲᠠᠳ ᠲᠤ ᠣᠷᠣᠰᠢᠨ ᠠᠮᠢᠳᠤᠷᠠᠬᠤ ᠣᠷᠴᠢᠨ ᠨᠦᠬᠦᠴᠡᠯ ᠢ ᠪᠦᠷᠢᠯᠳᠤᠬᠦᠯᠤᠨ ᠥᠭᠴᠡᠶ᠃                               ᠵᠢᠷᠤᠭ ᠢ ᠯᠢ ᠶᠠᠨ ᠰᠡᠭᠦᠳᠡᠷᠯᠡᠪᠡ     
ᠢᠷᠡᠯᠲᠡ᠄ ᠣᠷᠳᠣᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ