ᠯᠢᠦ ᠹᠧᠩ ᠶᠦᠨ
ᠨᠡᠶᠢᠲᠡᠯᠡᠭᠰᠡᠨ ᠴᠠᠭ᠄
2023/4/10

W020240718599236174381.jpg

ᠬᠤᠪᠢᠶᠠᠨ ᠬᠠᠮᠢᠶᠠᠷᠴᠤ ᠪᠠᠶᠢᠭ᠎ᠠ ᠠᠵᠢᠯ

     ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠬᠤᠳᠠ ᠶᠢᠨ ᠳᠠᠷᠤᠭ᠎ᠠ ᠲᠠᠢ ᠬᠠᠮᠵᠢᠯᠴᠠᠨ ᠬᠥᠭᠵᠢᠭᠦᠯᠦᠯᠲᠡ ᠪᠠ

ᠥᠭᠡᠷᠡᠴᠢᠯᠡᠯᠲᠡ᠂ ᠡᠳ᠋ ᠤᠨ ᠵᠠᠰᠠᠭ ᠮᠥᠩᠭᠦᠨ ᠭᠦᠢᠯᠭᠡᠭᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠭᠠᠳᠠᠭᠠᠳᠤ ᠶᠠᠪᠤᠳᠠᠯ᠂ ᠲᠤᠭ᠎ᠠ ᠪᠦᠷᠢᠳᠬᠡᠯ ᠵᠡᠷᠭᠡ

ᠲᠠᠯ᠎ᠠ ᠶᠢᠨ ᠠᠵᠢᠯ ᠢ ᠬᠠᠷᠢᠭᠤᠴᠠᠨ᠎ᠠ᠃

     ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠠᠮᠤ

ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠂ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ᠂ ᠬᠤᠲᠠ ᠶᠢᠨ

ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ

ᠬᠠᠮᠢᠶᠠᠷᠤᠯᠲᠠ ᠶᠢᠨ ᠲᠣᠪᠴᠢᠶ᠎ᠠ ︵ᠬᠤᠲᠠ ᠶᠢᠨ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶᠂ ᠬᠤᠲᠠ ᠶᠢᠨ ᠠᠷᠠᠳ ᠤᠨ

ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ︵ᠬᠤᠲᠠ ᠶᠢᠨ ᠰᠢᠶᠠᠩᠭᠠᠩ ᠣᠣᠮᠧᠨ ᠤ ᠶᠠᠪᠤᠳᠠᠯ ᠤᠨ ᠠᠯᠪᠠᠨ ᠭᠡᠷ︶᠂ ᠬᠤᠲᠠ ᠶᠢᠨ ᠲᠤᠭ᠎ᠠ

ᠪᠦᠷᠢᠳᠬᠡᠯ ᠤᠨ ᠲᠣᠪᠴᠢᠶ᠎ᠠ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠂ ᠬᠤᠲᠠ ᠶᠢᠨ ᠠᠵᠤ ᠠᠬᠤᠢ ᠶᠢᠨ ᠬᠠᠮᠲᠤᠷᠠᠯᠴᠠᠭᠠᠨ ᠤ

ᠦᠢᠯᠡᠴᠢᠯᠡᠭᠡᠨ ᠤ ᠲᠥᠪ᠂ ᠬᠤᠲᠠ ᠶᠢᠨ ᠡᠳ᠋ ᠤᠨ ᠵᠠᠰᠠᠭ ᠪᠠ ᠬᠥᠷᠥᠩᠭᠡ ᠶᠢᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠲᠥᠪ᠂ ᠴᠢᠩᠭᠢᠰ ᠤᠨ ᠣᠩᠭᠤᠨ ᠤ

ᠵᠢᠭᠤᠯᠴᠢᠯᠠᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠣᠷᠳᠣᠰ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠃ ᠬᠤᠲᠠ ᠶᠢᠨ ᠳᠠᠷᠤᠭ᠎ᠠ ᠲᠠᠢ

ᠬᠠᠮᠵᠢᠯᠴᠠᠨ ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢ ᠬᠤᠪᠢᠶᠠᠨ ᠬᠠᠮᠢᠶᠠᠷᠤᠨ᠎ᠠ᠃

     ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ

ᠬᠤᠷᠢᠶ᠎ᠠ᠂ ᠣᠷᠳᠣᠰ ᠲᠠᠬᠢ ᠴᠡᠷᠢᠭ ᠤᠨ ᠬᠤᠪᠢᠶᠠᠷᠢ ᠲᠣᠭᠤᠷᠢᠭ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠡᠯ᠎ᠡ ᠠᠷᠠᠳᠴᠢᠯᠠᠭᠰᠠᠨ ᠨᠠᠮ ᠪᠦᠯᠦᠭ᠂

ᠬᠤᠲᠠ ᠶᠢᠨ ᠨᠠᠮ ᠤᠨ ᠬᠤᠷᠢᠶ᠎ᠠ ᠶᠢᠨ ᠠᠬᠠᠮᠠᠳ ᠺᠠᠳ᠋ᠷ ᠤᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠣᠷᠳᠣᠰ

ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠣᠷᠳᠣᠰ ᠤᠨ ᠪᠠᠶᠢᠴᠠᠭᠠᠯᠲᠠ ᠶᠢᠨ ᠠᠩᠭᠢ᠂

ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ︵ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠣᠪᠴᠢᠶ᠎ᠠ︶᠂ ᠤᠯᠤᠰ ᠤᠨ

ᠠᠭᠤᠷᠬᠠᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠶᠢᠨ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ

ᠬᠤᠶᠠᠳᠤᠭᠠᠷ ᠭᠠᠵᠠᠷ᠂ ᠭᠤᠷᠪᠠᠳᠤᠭᠠᠷ ᠭᠠᠵᠠᠷ᠂ ᠠᠷᠠᠳ ᠤᠨ ᠪᠠᠩᠬᠢ ᠶᠢᠨ ᠣᠷᠳᠣᠰ ᠬᠤᠲᠠ ᠶᠢᠨ ᠬᠤᠪᠢᠶᠠᠷᠢ ᠪᠠᠩᠬᠢ ︵ᠤᠯᠤᠰ ᠤᠨ ᠭᠠᠳᠠᠭᠠᠳᠤ

ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠣᠷᠳᠣᠰ ᠬᠤᠲᠠ ᠶᠢᠨ ᠬᠤᠪᠢᠶᠠᠷᠢ ᠲᠣᠪᠴᠢᠶ᠎ᠠ︶᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ

ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠣᠷᠳᠣᠰ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠵᠢᠴᠢ ᠬᠤᠲᠠ ᠳᠤ ᠰᠠᠭᠤᠭ᠎ᠠ ᠮᠥᠩᠭᠦᠨ

ᠭᠦᠢᠯᠭᠡᠭᠡᠨ ᠤ ᠪᠠᠶᠢᠭᠤᠯᠤᠮᠵᠢ᠃

     ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃

 ᠬᠤᠪᠢ ᠶᠢᠨ ᠨᠠᠮᠲᠠᠷ

     ᠯᠢᠦ ᠹᠧᠩ ᠶᠦᠨ᠂ ᠡᠷᠡᠭᠲᠡᠢ᠂ ᠬᠢᠲᠠᠳ ᠦᠨᠳᠦᠰᠦᠲᠡᠨ᠂ 1974 ᠣᠨ ᠤ 10 ᠰᠠᠷ᠎ᠠ ᠳᠤ ᠲᠦᠷᠦᠵᠡᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂

ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃

ᠣᠲᠣ ᠣᠷᠳᠣᠰ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠳᠡᠳ᠋

ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠤᠢ᠃

 

ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ