| | 3 ᠰᠠᠷ᠎ᠠ ᠶᠢᠨ 13 ᠤ ᠡᠳᠤᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠰᠤᠷᠪᠤᠯᠵᠢᠯᠠᠭᠴᠢᠳ ᠤᠨ ᠬᠤᠷᠠᠯ ᠬᠢᠵᠦ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠶᠡᠭᠡ ᠬᠤᠷᠠᠯ ᠤᠨ ᠥᠭᠦᠯᠡᠭᠴᠢ ᠸᠠᠩ ᠴᠤᠤ ᠶᠢᠨ ᠤᠷᠢᠯᠭ᠎ᠠ ᠪᠠᠷ ᠰᠤᠷᠪᠤᠯᠵᠢᠯᠠᠭᠴᠢᠳ ᠤᠨ ᠬᠤᠷᠠᠯ ᠳᠤ | ᠣᠷᠣᠯᠴᠠᠬᠰᠠᠨ ᠤ ᠬᠠᠮᠲᠤ᠂ ᠳᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢᠳ ᠤᠨ ᠳᠤᠷᠠᠳᠤᠬᠰᠠᠨ ᠠᠰᠠᠭᠤᠯᠲᠠ ᠶᠢ ᠬᠠᠷᠢᠭᠤᠯᠪᠠ᠃ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ᠂ ᠾᠧ ᠯᠢ ᠹᠧᠩ᠂ ᠵᠠᠩ ᠭᠦᠸᠧ ᠴᠢᠩ᠂ ᠯᠢᠦ ᠭᠦᠸᠧ ᠵᠦᠩ ᠣᠷᠣᠯᠴᠠᠪᠠ᠃ ᠵᠢᠷᠤᠭ ᠪᠤᠯ ᠯᠢ | ᠴᠢᠶᠠᠩ ᠰᠤᠷᠪᠤᠯᠵᠢᠯᠠᠬᠴᠢᠤᠨ ᠤᠨ ᠠᠰᠠᠭᠤᠯᠳᠠ ᠶᠢ ᠬᠠᠷᠢᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠤ ᠪᠢᠨ ᠰᠡᠬᠦᠳᠡᠷᠯᠡᠪᠡ | | | | | | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ 13 ᠤ | ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠰᠤᠷᠪᠤᠯᠵᠢᠯᠠᠭᠴᠢᠳ ᠤᠨ ᠬᠤᠷᠠᠯ ᠬᠢᠵᠦ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ | ᠰᠠᠶᠢᠳ ᠯᠢ ᠴᠢᠶᠠᠩ ᠶᠡᠭᠡ ᠬᠤᠷᠠᠯ ᠤᠨ ᠥᠭᠦᠯᠡᠭᠴᠢ ᠸᠠᠩ ᠴᠤᠤ ᠶᠢᠨ ᠤᠷᠢᠯᠭ᠎ᠠ ᠪᠠᠷ ᠰᠤᠷᠪᠤᠯᠵᠢᠯᠠᠭᠴᠢᠳ ᠤᠨ ᠬᠤᠷᠠᠯ ᠳᠤ ᠣᠷᠣᠯᠴᠠᠬᠰᠠᠨ ᠤ ᠬᠠᠮᠲᠤ ᠳᠤᠮᠳᠠᠳᠤ | ᠭᠠᠳᠠᠭᠠᠳᠤ ᠶᠢᠨ ᠰᠤᠷᠪᠤᠯᠵᠢᠯᠠᠭᠴᠢᠳ ᠤᠨ ᠳᠤᠷᠠᠳᠤᠬᠰᠠᠨ ᠠᠰᠠᠭᠤᠯᠲᠠ ᠶᠢ ᠬᠠᠷᠢᠭᠤᠯᠪᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ | ᠳ᠋ᠢᠩ ᠰᠢᠤᠸᠠᠢ ᠰᠢᠶᠠᠩ᠂ ᠾᠧ ᠯᠢ ᠹᠧᠩ᠂ ᠵᠠᠩ ᠭᠦᠸᠧ ᠴᠢᠩ᠂ ᠯᠢᠦ ᠭᠦᠸᠧ ᠵᠦᠩ ᠣᠷᠣᠯᠴᠠᠵᠠᠢ᠃ | ᠰᠤᠷᠪᠤᠯᠵᠢᠯᠠᠭᠴᠢᠳ ᠤᠨ ᠬᠤᠷᠠᠯ ᠡᠬᠢᠯᠡᠬᠦ ᠦᠶ᠎ᠡ ᠳᠤ ᠯᠢ ᠴᠢᠶᠠᠩ᠂ ᠥᠨᠥᠳᠦᠷ ᠵᠠᠭᠤᠴᠢᠯᠠᠭᠤᠷ ᠤᠨ ᠨᠠᠶᠢᠵᠠ ᠨᠠᠷ ᠲᠠᠢ ᠠᠳᠡ ᠠᠭᠤᠯᠵᠠᠵᠤ ᠰᠠᠨᠠᠯ ᠢᠶᠠᠨ | ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠡᠩ ᠲᠡᠷᠢᠭᠦᠨ ᠳᠤ ᠤᠯᠠᠨ ᠤ ᠡᠨᠡ ᠤᠳᠠᠭ᠎ᠠ ᠶᠢᠨ ᠳᠤᠮᠳᠠᠳᠤ ᠤᠯᠤᠰ ᠤᠨ ᠬᠤᠶᠠᠷ ᠬᠤᠷᠠᠯ ᠢ | ᠮᠡᠳᠡᠭᠡᠯᠡᠬᠦ ᠶᠢᠨ ᠲᠦᠯᠦᠭᠡ ᠭᠠᠷᠭᠠᠭᠰᠠᠨ ᠶᠠᠳᠠᠷᠠᠯ ᠵᠦᠳᠡᠷᠡᠯ ᠳᠤ ᠲᠠᠯᠠᠷᠬᠠᠵᠤ ᠪᠠᠶᠢᠨ᠎ᠠ ᠬᠡᠵᠥ ᠬᠡᠯᠡᠪᠡ᠃ ᠯᠢ ᠴᠢᠶᠠᠩ᠂ ᠪᠢᠳᠡ ᠨᠠᠮ ᠪᠣᠯᠤᠨ ᠠᠷᠠᠳ ᠲᠦᠮᠡᠨ ᠤ | ᠢᠲᠡᠭᠡᠯ ᠳᠤ ᠴᠢᠩ ᠰᠡᠳᠭᠢᠯ ᠠᠴᠠ ᠪᠠᠨ ᠲᠠᠯᠠᠷᠬᠠᠵᠤ ᠪᠠᠶᠢᠨ᠎ᠠ᠂ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠦᠩᠬᠡ ᠬᠡᠷᠡᠯᠳᠡᠢ ᠬᠡᠳᠡᠭ ᠢ ᠴᠦ | ᠭᠦᠨᠵᠡᠭᠡᠢ ᠣᠶᠢᠯᠠᠭᠠᠵᠤ ᠪᠠᠶᠢᠨ᠎ᠠ᠃ ᠪᠢᠳᠡ ᠯᠠᠪᠳᠠᠢ ᠰᠢ ᠶᠢᠨ ᠫᠢᠩ ᠨᠥᠬᠦᠷ ᠢᠶᠠᠷ ᠭᠤᠤᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠳᠤ ᠴᠢᠩᠭ᠎ᠠ | ᠤᠳᠤᠷᠢᠳᠤᠯᠭ᠎ᠠ ᠲᠤᠤᠷ᠎ᠠ᠂ ᠥᠷᠭᠡᠨ ᠤᠯᠠᠨ ᠠᠷᠠᠳ ᠲᠦᠮᠡᠨ ᠳᠤ ᠴᠢᠩᠭ᠎ᠠ ᠲᠦᠰᠢᠭᠯᠡᠨ᠂ ᠬᠦᠴᠦᠯᠡᠨ ᠴᠢᠷᠮᠠᠶᠢᠵᠤ ᠵᠢᠳᠬᠦᠯ ᠭᠠᠷᠭᠠᠬᠤ ᠤᠶᠤᠨ ᠰᠠᠨᠠᠭᠠᠨ ᠤ | ᠳᠦᠷᠰᠦ ᠪᠠᠶᠢᠳᠠᠯ ᠪᠠ ︽ᠴᠠᠭ ᠢᠮᠠᠭᠲᠠ ᠰᠡᠳᠭᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠤᠬᠠᠮᠰᠠᠷ ᠢᠶᠠᠷ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ | ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠭᠡᠵᠦ᠂ ᠤᠮᠤᠭ ᠵᠤᠷᠢᠭ ᠪᠠᠳᠠᠷᠠᠩᠭᠤᠢ ᠪᠠᠷ ᠡᠷᠡᠮᠡᠬᠡᠶᠢᠯᠡᠨ ᠤᠷᠤᠭᠰᠢᠯᠠᠵᠤ᠂ | ᠨᠡᠶᠢᠲᠡ ᠶᠢᠨ ᠲᠥᠯᠥᠭᠡ ᠠᠷᠢᠭᠤᠨ ᠴᠢᠬᠡᠴᠢ ᠪᠠᠷ ᠵᠢᠳᠬᠦᠵᠦ᠂ ᠦᠨᠡᠨ ᠰᠡᠳᠭᠢᠯ ᠠᠴᠠ ᠪᠠᠨ ᠮᠠᠷᠠᠶᠢᠨ ᠵᠢᠳᠬᠦᠵᠥ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ | ᠦᠭᠡᠢ ᠶᠤᠮ ᠬᠡᠵᠥ ᠢᠯᠡᠳᠬᠡᠪᠡ᠃ | ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠰᠤᠷᠪᠤᠯᠵᠢᠯᠠᠭᠴᠢ᠄ ᠡᠩ ᠲᠡᠷᠢᠭᠦᠨ ᠳᠤ ᠲᠠ ᠪᠣᠯᠤᠨ ᠳᠥᠷᠪᠡᠨ ᠳᠡᠳ᠋ ᠶᠡᠷᠦᠩᠬᠡᠶ ᠰᠠᠶᠢᠳ ᠤᠨ | ᠰᠢᠨ᠎ᠡ ᠪᠠᠷ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠵᠦ ᠪᠠᠶᠢᠨ᠎ᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭ᠎ᠠ | ᠪᠤᠯᠬᠤ ᠢᠷᠡᠭᠡᠳᠦᠢ ᠶᠢᠨ ᠲᠠᠪᠤᠨ ᠵᠢᠯ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠤᠮᠤᠰ ᠲᠤ ᠠᠪᠴᠤ ᠬᠡᠯᠡᠪᠡᠯ | ᠡᠬᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠢᠨ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ | ᠠᠵᠢᠯ ᠢ ᠲᠦᠢᠯ ᠢᠶᠠᠷ ᠠᠩᠬᠠᠷᠴᠤ ᠪᠠᠶᠢᠨ᠎ᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠬᠠᠷᠠᠯᠲᠠ ᠨᠢ ᠶᠠᠭᠤ ᠪᠣᠶ︖ ᠶᠠᠮᠠᠷ | ᠶᠠᠮᠠᠷ ᠠᠵᠢᠯ ᠤᠨ ᠭᠤᠤᠯᠳᠠᠯᠭ᠎ᠠ ᠪᠠᠶᠢᠬᠤ ᠪᠣᠶ︖ ᠠᠵᠢᠯ ᠢᠶᠠᠨ ᠬᠡᠷᠬᠢᠨ ᠥᠷᠨᠢᠭᠦᠯᠬᠦ ᠪᠤᠢ︖ | ᠯᠢ ᠴᠢᠶᠠᠩ᠄ ᠲᠠᠨ ᠤ ᠪᠠᠶᠠᠷ ᠬᠦᠷᠭᠡᠭᠰᠡᠨ ᠳᠤ ᠲᠠᠯᠠᠷᠬᠠᠵᠤ ᠪᠠᠶᠢᠨ᠎ᠠ᠂ ᠲᠠ ᠤᠯᠠᠨ ᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠢ | ᠬᠠᠯᠠᠮᠵᠢᠯᠠᠵᠥ ᠪᠠᠶᠢᠭ᠎ᠠ ᠳᠤ ᠲᠠᠯᠠᠷᠬᠠᠵᠤ ᠪᠠᠶᠢᠨ᠎ᠠ᠃ | ᠨᠢᠳᠤᠨᠤᠨ ᠤ 10 ᠰᠠᠷ᠎ᠠ ᠳᠤ ᠬᠤᠷᠠᠯᠳᠤᠭᠤᠯᠤᠭᠰᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠮᠠᠨ ᠤ ᠤᠯᠤᠰ ᠤᠨ ᠬᠤᠶᠢᠰᠢᠳᠠ ᠶᠢᠨ ᠲᠠᠪᠤᠨ ᠵᠢᠯ ᠪᠠ | ᠨᠡᠩ ᠤᠷᠳᠤ ᠬᠤᠭᠤᠴᠠᠭᠠᠨ ᠤ ᠬᠥᠭᠵᠢᠯᠲᠡ ᠳᠤ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠪᠠ᠂ ᠤᠯᠠᠨ ᠢᠶᠠᠷ ᠢᠶᠠᠨ ᠨᠡᠯᠢᠶᠡᠳ ᠰᠡᠳᠭᠢᠯ | ᠲᠠᠯᠪᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠤᠬᠠᠢ ᠴᠥᠮ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠠᠴᠠ ᠲᠣᠳᠣᠷᠬᠠᠢ ᠬᠠᠷᠢᠭᠤᠯᠲᠠ ᠣᠯᠵᠤ | ᠴᠢᠳᠠᠬᠤ ᠶᠤᠮ᠃ | ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠪᠣᠯ ᠳᠠᠷᠤᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ | ᠵᠢᠷᠤᠭ ᠲᠥᠰᠦᠪ ᠢ ᠪᠠᠷᠢᠯᠭ᠎ᠠ ᠶᠢᠨ ᠵᠢᠷᠤᠭ ᠲᠥᠯᠥᠪᠯᠡᠭᠡ ᠪᠣᠯᠭᠠᠨ ᠬᠤᠪᠢᠷᠠᠭᠤᠯᠵᠤ᠂ ᠪᠦᠬᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ᠂ ᠯᠠᠪᠳᠠᠭᠤᠨ | ᠪᠠᠲᠤᠲᠠᠢ ᠪᠠᠷ ᠠᠤᠭ᠎ᠠ ᠵᠢᠷᠤᠭ ᠲᠥᠰᠦᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠠᠪᠤᠳᠠᠯ ᠪᠣᠯᠤᠨ᠎ᠠ᠃ | ᠬᠤᠶᠢᠰᠢᠳᠠ ᠶᠢᠨ ᠠᠵᠢᠯ ᠤᠨ ᠳᠤᠮᠳᠠ᠂ ᠡᠶᠢᠮᠦ ᠬᠡᠳᠦᠨ ᠲᠠᠯ᠎ᠠ ᠶᠢ ᠪᠢᠳᠡ ᠭᠤᠣᠯᠳᠠᠯᠭ᠎ᠠ ᠲᠠᠢ ᠡᠵᠡᠮᠳᠡᠬᠦ ᠪᠤᠯᠤᠨ᠎ᠠ᠄ | ᠨᠢᠭᠡᠳᠦᠭᠡᠷ ᠲᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠨ᠎ᠠ᠃ ᠦᠨᠡᠨ ᠢ ᠬᠡᠯᠡᠪᠡᠯ᠂ ᠨᠠᠮ ᠪᠠ | ᠵᠠᠰᠠᠭ ᠤᠨ ᠣᠷᠳᠣᠨ ᠤ ᠠᠯᠢᠪᠠ ᠠᠵᠢᠯ ᠤᠨ ᠵᠣᠷᠢᠯᠲᠠ ᠪᠣᠯ ᠠᠷᠠᠳ ᠲᠦᠮᠡᠨ ᠳᠤ ᠪᠤᠶᠠᠨ ᠦᠢᠯᠡᠳᠬᠦ ᠶᠠᠪᠤᠳᠠᠯ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ᠄ ︽ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠪᠢᠳᠡᠨ ᠤ ᠲᠡᠮᠡᠴᠡᠬᠦ ᠬᠠᠷᠠᠯᠲᠠ ᠮᠥᠨ︾ ᠬᠡᠵᠥ ᠬᠡᠯᠡᠵᠥ ᠦᠩᠬᠡᠷᠡᠪᠡ᠃ ᠪᠢᠳᠡ | ᠬᠡᠵᠢᠶ᠎ᠡ ᠴᠦ ᠭᠡᠰᠡᠨ ᠠᠷᠠᠳ ᠤᠨ ᠵᠠᠰᠠᠭ ᠤᠨ ᠣᠷᠳᠣᠨ ᠤ ᠡᠮᠦᠨᠡᠬᠢ ︽ᠠᠷᠠᠳ ᠲᠦᠮᠡᠨ︾ ᠭᠡᠳᠡᠭ ᠦᠭᠡ ᠶᠢ ᠢᠮᠠᠭᠲᠠ ᠪᠠᠲᠤ ᠴᠡᠭᠡᠵᠢᠯᠡᠵᠦ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠪᠤᠯᠭᠠᠨ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠪᠤᠰᠤᠳᠴᠢ ᠪᠠᠷ ᠶᠠᠷᠢᠪᠠᠯ᠂ ᠵᠣᠩᠬᠢᠯᠠᠬᠤ ᠤᠯᠠᠨ ᠲᠣᠭᠠᠨ ᠤ ᠠᠷᠠᠳ | ᠲᠦᠮᠡᠨ GDP ᠶᠢᠨ ᠨᠡᠮᠡᠭᠳᠡᠯ ᠬᠡᠳᠦᠢ ᠨᠡᠮᠡᠭᠳᠡᠭᠰᠡᠨ ᠢ ᠡᠳᠤᠷᠵᠢᠨ ᠠᠩᠬᠠᠷᠴᠤ ᠦᠵᠡᠬᠦ ᠦᠭᠡᠢ ᠶᠤᠮ᠂ ᠤᠯᠠᠨ ᠢᠶᠠᠷ ᠢᠶᠠᠨ ᠣᠷᠣᠨ ᠰᠠᠭᠤᠴᠠ᠂ ᠠᠵᠢᠯ ᠣᠯᠭᠤᠯᠲᠠ | ᠂ ᠣᠷᠣᠯᠭ᠎ᠠ᠂ ᠰᠤᠷᠭᠠᠨ ᠬᠥᠮᠦᠵᠢᠯ᠂ ᠡᠪᠡᠳᠴᠢᠨ ᠦᠵᠡᠭᠦᠯᠬᠦ᠂ ᠠᠮᠢ ᠠᠬᠤᠢ ᠣᠷᠴᠢᠨ ᠲᠣᠭᠤᠷᠢᠨ ᠵᠡᠷᠭᠡ ᠳᠡᠷᠭᠡᠳᠡᠬᠢ ᠪᠣᠳᠠᠲᠠᠢ ᠶᠠᠪᠤᠳᠠᠯ ᠢᠶᠠᠨ ᠨᠡᠩ ᠠᠩᠬᠠᠷᠴᠤ | ᠪᠠᠶᠢᠳᠠᠬ᠃ ᠵᠠᠰᠠᠭ ᠤᠨ ᠣᠷᠳᠣᠨ ᠤ ᠠᠵᠢᠯ ᠪᠣᠯ ᠠᠷᠠᠳ ᠣᠯᠠᠨ ᠤ ᠪᠣᠳᠠᠲᠠᠢ ᠲᠦᠷᠦᠭᠳᠡᠯ ᠲᠠᠢ ᠣᠶᠢᠷᠠᠳᠣᠭᠤᠯᠵᠥ ᠪᠠᠶᠢᠭᠠᠳ ᠳᠦᠯᠦᠪᠯᠡᠭᠡ ᠬᠢᠵᠥ ᠠᠬᠢᠭᠤᠯᠵᠤ᠂ | ᠠᠷᠠᠳ ᠲᠦᠮᠡᠨ ᠬᠦᠰᠡᠯ ᠡᠷᠡᠮᠡᠯᠵᠡᠯ ᠲᠠᠢ ᠪᠠᠶᠢᠪᠠᠯ ᠵᠠᠰᠠᠭ ᠤᠨ ᠤᠷᠳᠤᠨ ᠵᠢᠳᠬᠦᠯ ᠴᠢᠷᠮᠠᠶᠢᠯᠭ᠎ᠠ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠶᠠᠪᠤᠳᠠᠯ ᠪᠣᠯᠤᠨ᠎ᠠ᠃ | ᠬᠤᠶᠠᠳᠤᠭᠠᠷ ᠲᠤ᠂ ᠬᠦᠴᠦᠨ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠡᠨᠡ ᠤᠳᠠᠭ᠎ᠠ ᠶᠢᠨ ᠬᠤᠶᠠᠷ ᠬᠤᠷᠠᠯ ᠤᠨ | ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠴᠢᠨᠠᠷ | ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠬᠦ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠪᠠ᠃ ᠮᠠᠨ ᠤ ᠤᠯᠤᠰ ᠤᠨ | ᠠᠵᠤ ᠠᠬᠤᠢ ᠨᠡᠶᠢᠭᠡᠮ ᠤᠨ ᠬᠥᠭᠵᠢᠯᠲᠡ ᠨᠢᠭᠡᠨᠲᠡ ᠯᠤᠲᠤ ᠶᠡᠭᠡ ᠠᠮᠵᠢᠯᠲᠠ ᠪᠦᠲᠦᠮᠵᠢ ᠣᠯᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ | ᠬᠤᠶᠠᠳᠤᠭᠠᠷ ᠲᠤ ᠪᠠᠲᠤᠲᠠᠢ ᠤᠷᠤᠭᠰᠠᠨ ᠪᠣᠯᠪᠠᠴᠤ ᠬᠥᠭᠵᠢᠯᠲᠡ ᠮᠦᠨ ᠲᠡᠩᠴᠡᠭᠦᠷᠢ ᠦᠭᠡᠢ᠂ ᠭᠦᠢᠴᠡᠳ ᠪᠤᠰᠤ ᠪᠠᠶᠢᠨ᠎ᠠ᠃ ᠶᠠᠮᠠᠷᠪᠠ ᠨᠢᠭᠡ ᠶᠡᠷᠦᠩᠬᠡᠶ ᠬᠡᠮᠵᠢᠶᠡᠨ ᠤ | ᠭᠦᠢᠴᠡᠳᠭᠡᠯ ᠲᠤᠭ᠎ᠠ ᠶᠢ 14 ᠳ᠋ᠦᠩᠰᠢᠭᠤᠷ ᠭᠠᠷᠤᠶ ᠬᠥᠮᠦᠨ ᠠᠮᠠ ᠶᠢᠨ ᠰᠠᠭᠤᠷᠢ ᠲᠤᠭ᠎ᠠ ᠳᠡᠭᠡᠷ᠎ᠡ ᠨᠣᠭᠳᠠᠭᠤᠯᠪᠠᠯ᠂ ᠬᠥᠮᠦᠨ ᠳᠤᠮᠳᠠᠴᠢ ᠶᠢᠨ ᠬᠢᠷᠢ ᠬᠡᠮᠵᠢᠶ᠎ᠡ ᠨᠢ | ᠴᠥᠮ ᠨᠡᠯᠢᠶᠡᠳ ᠬᠢᠵᠠᠭᠠᠷ ᠲᠠᠢ ᠪᠠᠶᠢᠳᠠᠭ᠃ ᠤᠳᠤ᠂ ᠮᠠᠨ ᠤ ᠬᠥᠭᠵᠢᠯᠲᠡ ᠶᠢᠨ ᠤᠯᠠᠩᠬᠢ ᠨᠢ ᠵᠥᠪᠬᠡᠨ ︽ᠪᠠᠶᠢᠬᠤ ᠡᠰᠡᠬᠦ︾ ᠠᠰᠠᠭᠤᠳᠠᠯ ᠢ ᠯᠠ ᠰᠢᠢᠳᠪᠦᠷᠢᠯᠡᠵᠦ | ᠪᠠᠶᠢᠨ᠎ᠠ᠂ ᠲᠠᠷᠠᠭᠠᠴᠢ ᠶᠢᠨ ᠠᠯᠬᠤᠮ ᠳᠤ ︽ᠰᠠᠶᠢᠨ ᠡᠰᠡᠬᠦ︾ ᠠᠰᠠᠭᠤᠳᠠᠯ ᠢ ᠨᠡᠩ ᠴᠢᠬᠤᠯᠠᠴᠢᠯᠠᠨ ᠰᠢᠢᠳᠪᠦᠷᠢᠯᠡᠬᠦ ᠴᠢᠬᠤᠯᠠᠲᠠᠢ᠂ ᠢᠯᠠᠩᠭᠤᠶ᠎ᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ | ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠲᠤᠯ ᠦᠭᠡᠢ ᠳᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠵᠡᠷᠭᠡ ᠪᠣᠯᠤᠨ᠎ᠠ᠃ ᠶᠡᠷᠦᠩᠬᠡᠶ ᠳᠤᠨᠢ ᠠᠪᠴᠤ | ᠬᠡᠯᠡᠪᠡᠯ᠂ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠳᠡᠢ᠃ | ᠭᠤᠷᠪᠠᠳᠤᠭᠠᠷ ᠲᠤ᠂ ᠥᠭᠡᠷᠡᠴᠢᠯᠡᠯᠲᠡ ᠨᠡᠭᠡᠭᠡᠯᠳᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ᠎ᠡ᠃ ᠥᠭᠡᠷᠡᠴᠢᠯᠡᠯᠲᠡ ᠨᠡᠬᠡᠬᠡᠯᠳᠡ ᠪᠣᠯ ᠤᠳᠤ | ᠦᠶ᠎ᠡ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠪᠣᠯᠤᠨ᠎ᠠ᠂ ᠪᠢᠳᠡ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠦᠬᠡᠨ ᠠᠬᠢᠴᠠ ᠳᠤᠮᠳᠠ᠂ ᠪᠠᠰᠠ ᠴᠤ ︽ | ᠥᠭᠡᠷᠡᠴᠢᠯᠡᠯᠲᠡ ᠶᠢᠨ ᠬᠤᠭᠤᠯᠠ ᠶᠢ ᠢᠳᠡᠵᠦ᠂ ᠨᠡᠬᠡᠬᠡᠯᠳᠡ ᠶᠢᠨ ᠵᠠᠮ ᠢᠶᠠᠷ ᠵᠠᠮᠨᠠᠬᠤ︾ ᠬᠡᠷᠡᠭᠲᠡᠢ᠃ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠳᠤᠮᠳᠠ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ | ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ | ᠠᠮᠧᠷᠢᠺᠠ ᠶᠢᠨ ᠬᠡᠷᠡᠭᠯᠡᠭᠴᠢᠳ ᠤᠨ ᠰᠣᠨᠢᠨ ᠮᠡᠳᠡᠭᠡ ᠪᠣᠯᠤᠨ ᠬᠤᠳᠠᠯᠳᠤᠭᠠᠨ ᠤ ᠰᠤᠪᠠᠭ ᠤᠨ ᠰᠤᠷᠪᠤᠯᠵᠢᠯᠠᠭᠴᠢ᠄ ᠡᠨᠡ ᠵᠢᠯ ᠪᠣᠯ ᠳᠤᠮᠳᠠᠳᠤ ᠤᠯᠤᠰ ᠤᠨ | ᠬᠢᠵᠢᠭ ᠤᠨ ᠪᠠᠶᠢᠳᠠᠯ ᠤᠨ ᠤᠷᠬᠢᠯ ᠤᠨ ᠬᠤᠭᠤᠴᠠᠭ᠎ᠠ ᠦᠡᠭᠭᠡᠷᠡᠭᠰᠡᠨ ᠤ ᠳᠠᠷᠠᠭᠠᠬᠢ ᠲᠦᠷᠦᠭᠦᠦ ᠵᠢᠯ ᠪᠣᠯᠤᠨ᠎ᠠ᠂ ᠮᠠᠰᠢ ᠤᠯᠠᠨ ᠬᠥᠮᠦᠰ ᠤᠨ ᠵᠢᠱᠢᠭᠰᠡᠨ ᠢᠶᠠᠷ ᠪᠣᠯ | ᠠᠵᠤ ᠠᠬᠤᠢ ᠣᠬᠤᠷᠬᠠᠨ ᠬᠤᠭᠤᠴᠠᠭᠠᠨ ᠳᠤ ᠲᠠᠬᠢᠨ ᠨᠡᠮᠡᠭᠳᠡᠬᠦ ᠪᠣᠯᠤᠨ᠎ᠠ᠂ ᠳᠤᠮᠳᠠᠳᠤ ᠤᠯᠤᠰ ᠶᠠᠮᠠᠷ ᠠᠷᠭ᠎ᠠ ᠬᠡᠮᠵᠢᠶ᠎ᠠ ᠠᠪᠴᠤ ᠪᠦᠬᠦ ᠵᠢᠯ ᠤᠨ ᠠᠵᠤ ᠠᠬᠤᠢ ᠶᠢᠨ | ᠨᠡᠮᠡᠭᠳᠡᠯ ᠤᠨ ᠬᠠᠷᠠᠯᠲᠠ ᠶᠢ ᠪᠡᠶᠡᠯᠡᠭᠦᠯᠬᠦ ᠪᠠᠷ ᠪᠠᠶᠢᠭ᠎ᠠ ᠪᠤᠢ︖ ᠳᠤᠮᠳᠠᠳᠤ ᠤᠯᠤᠰ ᠤᠨ ᠠᠵᠤ ᠠᠬᠤᠢ ᠡᠨᠡ ᠵᠢᠯ ᠵᠢᠴᠢ ᠳᠠᠷᠠᠭᠠᠴᠢ ᠶᠢᠨ ᠲᠠᠪᠤᠨ ᠵᠢᠯ ᠳᠤ ᠶᠠᠮᠠᠷ | ᠶᠠᠮᠠᠷ ᠠᠰᠢᠭᠲᠠᠢ ᠪᠠ ᠠᠰᠢᠭ ᠦᠭᠡᠢ ᠬᠦᠴᠦᠨ ᠵᠦᠢᠯ ᠳᠤ ᠲᠤᠯᠭᠠᠷᠠᠬᠤ ᠪᠤᠢ︖ ᠢᠷᠡᠭᠡᠳᠦᠢ ᠶᠢᠨ ᠲᠠᠪᠤᠨ ᠵᠢᠯ ᠳᠤ ᠳᠤᠮᠳᠠᠳᠤ ᠤᠯᠤᠰ ᠶᠠᠮᠠᠷ ᠲᠦᠷᠦ ᠶᠢᠨ | ᠪᠤᠳᠤᠯᠭ᠎ᠠ ᠠᠪᠴᠤ ᠦᠷᠭᠦᠯᠵᠢᠯᠡᠬᠦ᠂ ᠴᠢᠨᠠᠷ ᠰᠠᠶᠢᠲᠠᠢ ᠨᠡᠮᠡᠭᠳᠡᠯ ᠢ ᠳᠡᠮᠵᠢᠬᠦ ᠪᠠᠷ ᠲᠥᠯᠥᠪᠯᠡᠵᠦ ᠪᠠᠶᠢᠬᠤ ᠪᠤᠢ︖ ᠣᠶᠢᠷ᠎ᠠ ᠶᠢᠨ ᠬᠡᠳᠦᠨ ᠵᠢᠯ ᠳᠤ ᠳᠤᠮᠳᠠᠳᠤ | ᠤᠯᠤᠰ ᠤᠨ ᠥᠷᠢ ᠥᠭᠴᠡᠭᠡ᠂ ᠬᠥᠷᠥᠩᠭᠡ ᠶᠢᠨ ᠡᠮᠬᠢ ᠵᠠᠮᠪᠠᠷᠠᠭ᠎ᠠ ᠦᠭᠡᠢ ᠲᠡᠯᠡᠯᠳᠡ ᠵᠡᠷᠭᠡ ᠰᠢᠰᠲ᠋ᠧᠮ ᠤᠨ ᠴᠢᠨᠠᠷᠲᠠᠶ ᠲᠦᠭᠰᠢᠭᠦᠷᠢ ᠶᠢ ᠠᠷᠭᠠᠴᠠᠭᠠᠬᠤ | ᠲᠠᠯ᠎ᠠ ᠪᠠᠷ ᠬᠢ ᠲᠥᠷᠥ ᠶᠢᠨ ᠪᠣᠳᠣᠯᠭ᠎ᠠ ᠨᠢ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ︖ | ᠯᠢ ᠴᠢᠶᠠᠩ᠄ ᠡᠨᠡ ᠰᠤᠷᠪᠤᠯᠵᠢᠯᠠᠭᠴᠢ ᠨᠠᠶᠢᠵᠠ ᠲᠣᠬᠢᠶᠠᠯ ᠢ ᠮᠠᠰᠢ ᠰᠠᠶᠢᠨ ᠠᠳᠬᠤᠵᠤ ᠪᠠᠶᠢᠨ᠎ᠠ᠂ ᠮᠢᠨᠦ ᠲᠡᠮᠳᠡᠭᠯᠡᠭᠰᠡᠨ ᠢᠶᠠᠷ ᠲᠠ ᠨᠢᠭᠡ ᠯᠡ | ᠠᠮᠢᠰᠬᠤᠭ᠎ᠠ ᠪᠠᠷ 4 ᠠᠰᠠᠭᠤᠳᠠᠯ ᠳᠤᠷᠠᠳᠴᠤ᠂ 6 ᠲᠠᠯ᠎ᠠ ᠶᠢᠨ ᠠᠭᠤᠯᠭ᠎ᠠ ᠳᠤ ᠬᠤᠯᠪᠣᠭᠳᠠᠵᠠᠢ᠃ ᠴᠠᠭ ᠤᠨ ᠬᠠᠷᠠᠭ᠎ᠠ ᠠᠴᠠ ᠪᠤᠯᠵᠤ ᠪᠢ ᠵᠥᠪᠬᠡᠨ | ᠭᠤᠤᠯᠳᠠᠯᠭ᠎ᠠ ᠶᠢ ᠨᠢ ᠰᠤᠩᠭᠤᠵᠤ ᠬᠠᠷᠢᠭᠤᠯᠲᠠ ᠦᠭᠬᠦᠶ᠎ᠠ᠃ | ᠡᠨᠡ ᠵᠢᠯ ᠤᠨ ᠳᠡᠯᠡᠬᠡᠢ ᠶᠢᠨ ᠠᠵᠤ ᠠᠬᠤᠢ ᠶᠢᠨ ᠪᠠᠶᠢᠳᠠᠯ ᠶᠡᠷᠦᠩᠬᠡᠢ ᠳᠡᠭᠡᠨ ᠲᠡᠶᠢᠮᠦ ᠰᠠᠶᠢᠨ ᠪᠢᠰᠢ᠂ ᠲᠣᠭᠲᠠᠭᠤᠨ ᠪᠤᠰᠤ᠂ ᠲᠣᠭᠲᠠᠯᠭᠠᠳᠤ ᠪᠤᠰᠤ᠂ | ᠲᠥᠰᠦᠭᠡᠯᠡᠬᠦᠶ᠎ᠡ ᠪᠡᠷᠬᠡ ᠬᠦᠴᠦᠨ ᠵᠦᠢᠯ ᠨᠡᠯᠢᠶᠡᠳ ᠤᠯᠠᠨ ᠪᠠᠶᠢᠨ᠎ᠠ᠂ ᠨᠡᠮᠡᠭᠳᠡᠯ ᠢ ᠬᠡᠷᠬᠢᠨ ᠲᠣᠭᠲᠠᠭᠤᠨ ᠪᠠᠶᠢᠯᠭᠠᠬᠤ ᠨᠢ ᠳᠡᠯᠡᠬᠡᠢ ᠶᠢᠨ ᠡᠯ᠎ᠡ ᠤᠯᠤᠰ ᠲᠤ ᠠᠪᠴᠤ | ᠬᠡᠯᠡᠪᠡᠯ ᠴᠥᠮ ᠨᠢᠭᠡᠨ ᠰᠢᠯᠭᠠᠯᠲᠠ ᠪᠣᠯᠬᠤ ᠶᠤᠮ᠃ ᠡᠨᠡ ᠵᠢᠯ᠂ ᠳᠤᠮᠳᠠᠳᠤ ᠤᠯᠤᠰ ᠤᠨ ᠠᠵᠤ ᠠᠬᠤᠢ ᠶᠢᠨ ᠵᠢᠱᠢᠭᠰᠡᠨ ᠨᠡᠮᠡᠭᠳᠡᠯ ᠤᠨ ᠬᠠᠷᠠᠯᠲᠠ ᠶᠢ 5 % | ᠣᠷᠴᠢᠮ ᠢᠶᠠᠷ ᠲᠣᠭᠲᠠᠭᠠᠪᠠ᠂ ᠡᠭᠦᠨ ᠢ ᠪᠢᠳᠡ ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠭᠰᠠᠨ ᠤ ᠲᠠᠷᠠᠭ᠎ᠠ ᠲᠣᠭᠲᠠᠭᠠᠭᠰᠠᠨ ᠶᠤᠮ᠃ | ᠬᠡᠯᠡᠯᠭᠡᠨ ᠦᠭᠡᠢ᠂ ᠳᠤᠮᠳᠠᠳᠤ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠨᠢᠭᠡᠨᠲᠡ 120 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠰᠠᠭᠤᠷᠢ | ᠲᠤᠭ᠎ᠠ ᠨᠢ ᠮᠠᠰᠢ ᠥᠨᠳᠥᠷ ᠪᠣᠯᠵᠠᠢ᠂ ᠡᠭᠦᠨ ᠤ ᠳᠡᠭᠡᠷ᠎ᠡ ᠡᠨᠡ ᠵᠢᠯ ᠤᠨ ᠰᠢᠨ᠎ᠡ ᠥᠷᠢᠰᠥᠯᠳᠦᠭᠡᠨ ᠪᠠᠭ᠎ᠠ ᠪᠤᠰᠤ ᠪᠠᠶᠢᠨ᠎ᠠ᠂ 5 % ᠣᠷᠴᠢᠮ ᠤᠨ ᠨᠡᠮᠡᠭᠳᠡᠯ ᠢ | ᠪᠡᠶᠡᠯᠡᠭᠦᠯᠬᠦ ᠳᠤ ᠲᠡᠶᠢᠮᠦ ᠠᠮᠠᠷᠬᠠᠨ ᠪᠢᠰᠢ᠂ ᠬᠤᠪᠢ ᠲᠠᠬᠢᠨ ᠴᠢᠷᠮᠠᠶᠢᠬᠤ ᠴᠢᠬᠤᠯᠠᠲᠠᠢ ᠶᠤᠮ᠃ | ᠬᠤᠯᠪᠣᠭᠳᠠᠯ ᠪᠦᠬᠦᠢ ᠪᠣᠳᠠᠲᠠᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠢᠳᠤᠨᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠨᠢᠭᠡᠨᠲᠡ | ᠪᠦᠬᠦ ᠲᠠᠯ᠎ᠠ ᠪᠠᠷ ᠪᠠᠶᠢᠷᠢᠯᠠᠭᠤᠯᠵᠠᠢ᠂ ᠡᠭᠦᠨ ᠳᠤ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠲᠤᠮᠳᠠ ᠤᠷᠤᠬᠰᠢᠯᠠᠨ ᠲᠠᠪᠰᠢᠬᠤ ᠶᠢ | ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠬᠤ ᠪᠣᠯ ᠦᠨᠳᠦᠰᠦᠨ ᠬᠠᠨᠳᠤᠰᠢ ᠪᠣᠯᠤᠨ᠎ᠠ᠃ ᠲᠣᠭᠲᠠᠭᠤᠨ | ᠪᠠᠶᠢᠯᠭᠠᠬᠤ ᠶᠢᠨ ᠭᠤᠣᠯᠳᠠᠯᠭ᠎ᠠ ᠨᠢ ᠨᠡᠮᠡᠭᠳᠡᠯ ᠢ ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ ᠪᠠᠷᠠᠭᠠᠨ ᠤ ᠦᠨ᠎ᠡ ᠶᠢ ᠲᠣᠭᠲᠠᠭᠤᠨ | ᠪᠠᠶᠢᠯᠭᠠᠬᠤ ᠶᠠᠪᠤᠳᠠᠯ ᠪᠣᠯᠤᠨ᠎ᠠ︔ ᠤᠷᠤᠭᠰᠢᠯᠠᠨ ᠲᠠᠪᠰᠢᠬᠤ ᠳᠤ ᠵᠠᠩᠭᠢᠯᠠᠭ᠎ᠠ ᠨᠢ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠰᠢᠨ᠎ᠡ ᠲᠠᠪᠰᠢᠯᠳᠠ ᠲᠠᠢ ᠪᠣᠯᠬᠤ ᠳᠤ | ᠪᠠᠶᠢᠨ᠎ᠠ᠃ ᠪᠣᠳᠠᠲᠠᠶ ᠪᠠᠷ ᠬᠡᠯᠡᠪᠡᠯ᠂ ᠪᠢ ᠣᠨᠴᠠᠭᠠᠶᠢᠯᠠᠨ ᠬᠡᠳᠦᠨ ᠶᠠᠪᠤᠳᠠᠯ ᠢ ᠰᠠᠶᠢᠲᠤᠷ ᠬᠢᠬᠦ ᠰᠠᠨᠠᠭ᠎ᠠ ᠲᠠᠢ᠂ ᠦᠭᠡᠷ᠎ᠠ ᠪᠠᠷ ᠬᠡᠯᠡᠪᠡᠯ ᠡᠶᠢᠮᠦ ᠬᠡᠳᠦᠨ ᠬᠠᠮ ᠠᠷᠭ᠎ᠠ | ᠬᠡᠮᠵᠢᠶ᠎ᠠ ᠶᠢ ᠰᠠᠶᠢᠲᠤᠷ ᠬᠢᠨ᠎ᠠ᠄ ᠨᠢᠭᠡ ᠳᠤ᠂ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠠ᠂ ᠬᠤᠶᠠᠷ ᠲᠤ᠂ ᠬᠡᠷᠡᠭᠴᠡᠭᠡ ᠶᠢ ᠥᠷᠭᠡᠳᠭᠡᠬᠦ ᠬᠠᠮ | ᠠᠷᠭ᠎ᠠ ᠬᠡᠮᠵᠢᠶ᠎ᠠ᠂ ᠭᠤᠷᠪᠠ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠠᠮ ᠠᠷᠭ᠎ᠠ ᠬᠡᠮᠵᠢᠶ᠎ᠠ᠂ ᠳᠥᠷᠪᠡ ᠳᠤ᠂ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠬᠠᠮ ᠠᠷᠭ᠎ᠠ ᠬᠡᠮᠵᠢᠶ᠎ᠠ ᠪᠣᠯᠤᠨ᠎ᠠ᠃ ᠡᠳᠡᠭᠡᠷ ᠬᠠᠮ ᠠᠷᠭ᠎ᠠ ᠬᠡᠮᠵᠢᠶ᠎ᠠ ᠨᠢ ᠴᠥᠮ ᠪᠣᠳᠠᠲᠠᠶ ᠠᠭᠤᠯᠤᠭᠳᠠᠬᠤᠨ ᠲᠠᠢ ᠪᠠᠶᠢᠵᠤ᠂ ᠵᠠᠷᠢᠮ ᠢ ᠨᠢ ᠪᠠᠰᠠ | ᠦᠢᠯᠡᠳᠦᠯᠭᠡ ᠶᠢᠨ ᠬᠡᠷᠡᠭᠴᠡᠭᠡ ᠶᠢ ᠦᠨᠳᠦᠰᠦᠯᠡᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠣᠬᠢᠷᠠᠭᠤᠯᠤᠨ ᠲᠡᠭᠦᠯᠳᠡᠷᠵᠢᠭᠦᠯᠦᠨ᠎ᠡ᠃ | ᠰᠠᠶ᠋ᠢᠬᠠᠨ ᠡᠨᠡ ᠰᠤᠷᠪᠤᠯᠵᠢᠯᠠᠭᠴᠢ ᠨᠠᠶᠢᠵᠠ ᠠᠰᠢᠭᠲᠠᠢ ᠪᠠ ᠠᠰᠢᠭ ᠦᠭᠡᠢ ᠬᠦᠴᠤᠨ ᠵᠦᠢᠯ ᠤᠨ ᠠᠰᠠᠭᠤᠳᠠᠯ ᠢ ᠠᠰᠠᠭᠤᠵᠠᠶ᠃ ᠳᠤᠮᠳᠠᠳᠤ ᠤᠯᠤᠰ ᠤᠨ | ᠬᠥᠭᠵᠢᠯᠲᠡ ᠳᠤ ᠦᠨᠡᠬᠡᠷ ᠮᠠᠰᠢ ᠤᠯᠠᠨ ᠳᠠᠪᠠᠭᠤᠯᠢᠭ ᠨᠥᠬᠦᠴᠡᠯ ᠪᠤᠢ᠂ ᠵᠢᠱᠢᠶᠡᠯᠡᠪᠡᠯ᠂ ᠵᠠᠬ᠎ᠠ ᠳᠡᠯᠭᠡᠭᠦᠷ ᠤᠨ ᠬᠡᠪᠴᠢᠶ᠎ᠡ ᠯᠤᠲᠤ ᠶᠡᠭᠡ᠂ ᠠᠵᠤ ᠦᠢᠯᠡᠰ ᠤᠨ | ᠰᠢᠰᠲ᠋ᠧᠮ ᠪᠦᠷᠢᠨ ᠲᠡᠭᠦᠯᠳᠡᠷ᠂ ᠬᠥᠮᠦᠨ ᠤ ᠬᠦᠴᠦᠨ ᠤ ᠡᠬᠢ ᠪᠠᠶᠠᠯᠢᠭ ᠡᠯᠪᠡᠭ᠂ ᠬᠥᠭᠵᠢᠯᠲᠡ ᠶᠢᠨ ᠰᠠᠭᠤᠷᠢ ᠵᠤᠵᠠᠭᠠᠨ ᠵᠡᠷᠭᠡ ᠪᠤᠢ᠂ ᠨᠡᠩ ᠴᠢᠬᠤᠯᠠ ᠨᠢ | ᠪᠠᠶᠢᠭᠤᠯᠤᠯ ᠤᠨ ᠳᠠᠪᠠᠭᠤᠯᠢᠭ ᠢᠯᠡᠳᠲᠡ ᠪᠠᠶᠢᠬᠤ ᠶᠠᠪᠤᠳᠠᠯ ᠪᠣᠯᠤᠨ᠎ᠠ᠃ ᠬᠦᠴᠢᠷ ᠪᠡᠷᠬᠡᠰᠢᠶᠡᠯ ᠤᠨ ᠲᠤᠬᠠᠢ ᠭᠡᠪᠡᠯ ᠤᠯᠠᠨ ᠢᠶᠠᠷ ᠢᠶᠠᠨ ᠪᠦᠷ ᠬᠦᠴᠢᠷ ᠪᠡᠷᠬᠡᠰᠢᠶᠡᠯ ᠲᠠᠢ | ᠂ ᠡᠨᠡ ᠵᠢᠯ ᠴᠦ ᠪᠢᠳᠠᠨ ᠳᠤ ᠬᠦᠴᠢᠷ ᠪᠡᠷᠬᠡᠰᠢᠶᠡᠯ ᠪᠠᠭ᠎ᠠ ᠦᠭᠡᠢ ᠲᠤᠯᠭᠠᠷᠠᠬᠤ ᠶᠤᠮ᠂ ᠭᠡᠪᠡᠴᠦ ᠠᠯᠢ ᠴᠠᠭ ᠦᠶ᠎ᠠ᠂ ᠠᠯᠢ ᠵᠢᠯ ᠳᠤᠨᠢ ᠬᠦᠴᠢᠷ ᠪᠡᠷᠬᠡᠰᠢᠶᠡᠯ ᠦᠭᠡᠢ | ᠪᠤᠢ︖ ᠪᠢᠳᠠ ᠶᠡᠷᠦ ᠠᠴᠠ ᠬᠦᠴᠢᠷ ᠪᠡᠷᠬᠡᠰᠢᠶᠡᠯ ᠢ ᠢᠯᠡᠠ ᠳᠠᠪᠠᠭ᠋ᠤ ᠶᠢᠨ ᠳᠤᠮᠳᠠ ᠰᠢᠨ᠎ᠡ ᠬᠥᠭᠵᠢᠯᠲᠡ ᠶᠢ ᠲᠡᠰᠦᠷᠡᠯᠳᠠ ᠤᠢᠭᠡᠢ ᠪᠡᠶᠡᠯᠡᠭᠦᠯᠵᠦ ᠢᠷᠡᠭᠰᠡᠨ ᠶᠤᠮ᠃ | ᠮᠠᠨ ᠤ ᠡᠨᠡ ᠦᠶ᠎ᠡ ᠶᠢᠨ ᠲᠤᠮᠳᠠᠳᠤᠴᠤᠳ ᠬᠠᠷᠠᠬᠠᠨ ᠪᠠᠭ᠎ᠠ ᠠᠴᠠ ᠪᠠᠨ ᠬᠠᠮᠤᠭ ᠤᠯᠠᠨ ᠰᠣᠨᠣᠰᠤᠭᠰᠠᠨ ᠦᠯᠢᠭᠡᠷ ᠪᠣᠯ ᠳᠠᠷᠤᠢ ᠳ᠋ᠠ ᠢᠦᠢ ᠤᠰᠤ ᠵᠠᠰᠠᠭᠰᠠᠨ᠂ | ᠲᠡᠨᠡᠭ ᠡᠪᠦᠭᠡᠨ ᠠᠭᠤᠯᠠ ᠶᠢ ᠨᠡᠭᠦᠯᠭᠡᠭᠰᠡᠨ᠂ ᠵᠢᠩ ᠸᠧᠢ ᠳᠠᠯᠠᠢ ᠶᠢ ᠪᠥᠭᠯᠡᠭᠰᠡᠨ᠂ ᠲᠡᠨᠡᠭ ᠡᠪᠤᠭᠡᠨ ᠨᠠᠷᠠ ᠶᠢ ᠬᠥᠭᠡᠭᠡᠭᠰᠡᠨ ᠵᠡᠷᠭᠡ ᠪᠣᠯᠤᠨ᠎ᠠ᠂ ᠪᠦᠷ ᠯᠡ ᠮᠠᠰᠢ ᠶᠡᠭᠡ | ᠤᠷᠮᠠᠰᠢᠭᠤᠯᠤᠨ ᠵᠣᠷᠢᠭᠵᠢᠭᠤᠯᠵᠤ᠂ ᠴᠥᠮ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠠᠶᠤᠯ ᠲᠦᠭᠰᠢᠭᠦᠷᠢ ᠠᠴᠠ ᠠᠶᠤᠬᠤ ᠦᠭᠡᠢ᠂ ᠵᠣᠷᠢᠭᠲᠠᠢ ᠲᠡᠮᠡᠴᠡᠵᠦ᠂ | ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠶᠢ ᠶᠠᠷᠢᠭᠰᠠᠨ ᠶᠤᠮ᠂ ᠮᠠᠨ ᠤ ᠲᠤᠮᠳᠠᠳᠤᠴᠤᠳ ᠶᠠᠮᠠᠷ ᠴᠤ ᠬᠦᠴᠢᠷ ᠪᠡᠷᠬᠡᠰᠢᠶᠡᠯ ᠳᠤ ᠳᠠᠷᠤᠭᠳᠠᠬᠤ | ᠦᠭᠡᠢ ᠶᠤᠮ᠃ | ᠣᠶᠢᠷ᠎ᠠ ᠶᠢᠨ ᠬᠤᠶᠠᠷ ᠰᠠᠷ᠎ᠠ ᠭᠠᠷᠤᠶ ᠶᠢᠨ ᠪᠠᠶᠢᠳᠠᠯ ᠠᠴᠠ ᠦᠵᠡᠪᠡᠯ᠂ ᠮᠠᠨ ᠤ ᠤᠯᠤᠰ ᠤᠨ ᠠᠵᠤ ᠠᠬᠤᠶ ᠶᠢᠨ ᠠᠵᠢᠯᠯᠠᠭᠠᠨ ᠳᠤ ᠲᠣᠭᠲᠠᠪᠤᠷᠢᠵᠢᠨ | ᠳᠡᠭᠡᠭᠰᠢᠯᠡᠬᠦ ᠪᠠᠶᠢᠳᠠᠯ ᠭᠠᠷᠴᠤ᠂ ᠵᠠᠷᠢᠮ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠴᠤ ᠡᠨᠡ ᠵᠢᠯ ᠤᠨ ᠳᠤᠮᠳᠠᠳᠤ ᠤᠯᠤᠰ ᠤᠨ ᠠᠵᠤ ᠠᠬᠤᠶ ᠶᠢᠨ ᠨᠡᠮᠡᠭᠳᠡᠯ ᠤᠨ | ᠬᠤᠷᠳᠤᠴᠠ ᠶᠢᠨ ᠲᠤᠬᠠᠶ ᠵᠢᠱᠢᠯᠲᠡ ᠪᠠᠨ ᠳᠡᠭᠡᠭᠰᠢᠯᠡᠭᠦᠯᠦᠭᠰᠡᠨ ᠪᠠᠶᠢᠨ᠎ᠠ᠃ ᠳᠤᠮᠳᠠᠳᠤ ᠤᠯᠤᠰ ᠤᠨ ᠠᠵᠤ ᠠᠬᠤᠶ ᠶᠢᠨ ᠢᠷᠡᠭᠡᠳᠦᠶ ᠶᠢᠨ ᠲᠤᠬᠠᠶ ᠪᠢ ︽ᠰᠠᠯᠬᠢᠨ | ᠬᠥᠯᠥᠭᠯᠡᠨ ᠳᠠᠪᠠᠯᠭᠠᠨ ᠢ ᠵᠦᠰᠦᠵᠦ᠂ ᠰᠠᠷᠠᠭᠤᠯ ᠢᠷᠡᠭᠡᠳᠦᠶ ᠲᠠᠢ︾ ᠭᠡᠵᠦ ᠬᠡᠳᠦᠬᠡᠨ ᠦᠭᠡ ᠪᠠᠷ ᠬᠤᠷᠢᠶᠠᠩᠭᠤᠶᠢᠯᠠᠶ᠎ᠠ᠃ ᠡᠭᠦᠨ ᠳᠤ ᠪᠢ ᠢᠲᠡᠭᠡᠯ ᠳᠦᠭᠦᠷᠡᠩ | ᠪᠠᠶᠢᠨ᠎ᠠ᠃ | ᠰᠢᠶᠠᠩᠭᠠᠩ ᠤᠨ ᠹᠧᠩ ᠬᠤᠸᠠᠩ ᠣᠳᠣᠨ ᠲᠧᠯᠸᠢᠰ᠂ ᠹᠧᠩ ᠬᠤᠸᠠᠩ ᠰᠦᠯᠵᠢᠶ᠎ᠡ ᠶᠢᠨ ᠰᠤᠷᠪᠤᠯᠵᠢᠯᠠᠭᠴᠢ᠄ ᠡᠨᠡ ᠬᠡᠳᠦᠨ ᠵᠢᠯ᠂ ᠰᠢᠶᠠᠩᠭᠠᠩ | ᠰᠠᠮᠠᠭᠤᠷᠠᠯ ᠠᠴᠠ ᠵᠠᠰᠠᠯᠲᠠ ᠳᠤ ᠰᠢᠯᠵᠢᠬᠦ ᠦᠨᠳᠦᠰᠦᠨ ᠴᠢᠨᠠᠷᠲᠠᠶ ᠡᠷᠭᠢᠯᠲᠡ ᠶᠢ ᠪᠡᠶᠡᠯᠡᠭᠦᠯᠪᠡ᠃ ᠰᠢᠶᠠᠩᠭᠠᠩ ᠲᠣᠭᠲᠠᠭᠤᠨ ᠪᠤᠯᠤᠯ᠎ᠠ᠂ ᠬᠥᠭᠵᠢᠯᠲᠡ ᠶᠢᠨ | ᠠᠰᠠᠭᠤᠳᠠᠯ ᠪᠠᠰᠠ ᠨᠢᠳᠤᠨ ᠡᠮᠦᠨ᠎ᠡ ᠲᠡᠯᠭᠡᠭᠳᠡᠯ᠎ᠠ᠃ ᠳᠡᠯᠡᠬᠡᠢ ᠶᠢᠨ ᠤᠯᠤᠰ ᠲᠦᠷᠤ ᠠᠵᠤ ᠠᠬᠤᠢ ᠶᠢᠨ ᠪᠠᠶᠢᠳᠠᠯ ᠪᠣᠯᠤᠨ ᠣᠷᠴᠢᠨ ᠨᠥᠬᠦᠴᠡᠯ ᠤᠨ ᠬᠤᠪᠢᠷᠠᠯᠲᠠ ᠶᠢ | ᠲᠡᠭᠠᠯᠳᠦᠠ ᠤᠳᠦ ᠶᠢᠨ ᠰᠢᠶᠠᠩᠭᠠᠩ ᠣᠣᠮᠧᠨ ᠤ ᠤᠢᠷᠢᠰᠦᠯᠳᠦᠬᠦ ᠬᠦᠴᠦᠨ ᠰᠤᠯᠠᠷᠠᠵᠠᠢ ᠭᠡᠵᠦ ᠵᠠᠷᠢᠮ ᠰᠢᠭᠦᠮᠵᠢ ᠳᠤ ᠭᠠᠷᠴᠤ ᠪᠠᠶᠢᠨ᠎ᠠ᠃ ᠲᠡᠭᠡᠪᠡᠯ᠂ ᠲᠠ | ᠰᠢᠶᠠᠩᠭᠠᠩ ᠣᠣᠮᠧᠨ ᠤ ᠢᠷᠡᠭᠡᠳᠦᠶ ᠶᠢᠨ ᠬᠥᠭᠵᠢᠯᠲᠡ ᠶᠢᠨ ᠢᠷᠡᠭᠡᠳᠦᠶ ᠶᠢ ᠬᠡᠷᠬᠢᠨ ᠦᠵᠡᠵᠦ ᠪᠠᠶᠢᠬᠤ ᠪᠣᠶ︖ ᠲᠥᠪ ᠤᠨ ᠵᠠᠰᠠᠭ ᠤᠨ ᠣᠷᠳᠣᠨ ᠲᠠᠷᠠᠭᠠᠴᠢ ᠶᠢᠨ | ᠠᠯᠬᠤᠮ ᠳᠤ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠪᠠᠷ ᠰᠢᠶᠠᠩᠭᠠᠩ ᠣᠣᠮᠧᠨ ᠤ ᠥᠪᠡᠷ ᠤᠨ ᠳᠠᠪᠠᠭᠤᠯᠢᠭ ᠪᠣᠯᠤᠨ ᠣᠨᠴᠠᠯᠢᠭ ᠢᠶᠠᠨ ᠪᠠᠳᠠᠷᠠᠭᠤᠯᠬᠤ ᠶᠢ ᠳᠡᠮᠵᠢᠵᠦ᠂ | ᠨᠠᠩ ᠰᠠᠶᠢᠨ ᠬᠥᠭᠵᠢᠯᠲᠡ ᠶᠢ ᠪᠡᠶᠡᠯᠡᠭᠦᠯᠬᠦ ᠪᠣᠶ︖ | ᠯᠢ ᠴᠢᠶᠠᠩ᠄ ᠲᠥᠪ ᠤᠨ ᠵᠠᠰᠠᠭ ᠤᠨ ᠣᠷᠳᠣᠨ ᠰᠢᠶᠠᠩᠭᠠᠩ᠂ ᠣᠣᠮᠧᠨ ᠤ ᠳᠠᠪᠠᠭᠤᠯᠢᠭ ᠪᠠ ᠣᠨᠴᠠᠯᠢᠭ ᠢ ᠪᠠᠳᠠᠷᠠᠭᠤᠯᠬᠤ ᠶᠢ ᠢᠮᠠᠭᠲᠠ ᠳᠡᠭᠡᠳᠦ | ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠪᠡ᠃ ᠡᠬᠡ ᠤᠯᠤᠰ ᠲᠠᠭᠠᠨ ᠪᠤᠴᠠᠵᠤ ᠢᠷᠡᠭᠰᠡᠨ ᠠᠴᠠ ᠨᠠᠭᠠᠰᠢ᠂ ᠤᠯᠤᠰ ᠤᠨ ᠳᠡᠮᠵᠢᠯᠭᠡ ᠳᠣᠣᠷ᠎ᠠ᠂ ᠰᠢᠶᠠᠩᠭᠠᠩ ᠤᠨ | ᠤᠯᠠᠨ ᠤᠯᠤᠰ ᠤᠨ ᠮᠥᠩᠭᠦᠨ ᠭᠦᠢᠯᠭᠡᠭᠡ᠂ ᠤᠰᠤᠨ ᠵᠠᠮ ᠤᠨ ᠲᠡᠭᠡᠭᠡᠪᠦᠷᠢ᠂ ᠠᠷᠠᠯᠵᠢᠶ᠎ᠠ ᠶᠢᠨ ᠭᠤᠷᠪᠠᠨ ᠶᠡᠭᠡ ᠲᠥᠪ ᠪᠣᠯᠬᠤ ᠪᠠᠶᠢᠷᠢ ᠰᠠᠭᠤᠷᠢ ᠨᠢ ᠪᠠᠬᠢᠵᠢᠨ | ᠳᠡᠭᠡᠭᠰᠢᠯᠡᠵᠦ᠂ ᠣᠣᠮᠧᠨ ᠨᠢ ᠵᠢᠭᠤᠯᠴᠢᠯᠠᠯ ᠰᠡᠯᠡᠭᠦᠴᠡᠯ ᠤᠨ ᠲᠥᠪ ᠪᠣᠯᠤᠭᠰᠠᠨ ᠤ ᠬᠤᠪᠢ ᠳᠤ ᠳᠡᠯᠡᠬᠡᠢ ᠳᠤ ᠨᠡᠷ᠎ᠡ ᠠᠯᠳᠠᠷᠰᠢᠭᠰᠠᠨ ᠶᠤᠮ᠃ | | |