| | ᠭᠠᠯᠠᠭᠤᠳᠤ ᠶᠢᠨ ᠮᠡᠳᠡᠭᠡ ᠲᠤᠮᠳᠠᠳᠤ ᠶᠢᠨ ᠦᠨᠳᠤᠰᠤᠳᠡᠨ ᠨᠦᠭᠦᠳ ᠤᠨ ᠤᠯᠠᠮᠵᠢᠯᠠᠯᠳᠤ ᠰᠤᠶᠤᠯ ᠢ ᠤᠯᠠᠮᠵᠢᠯᠠᠨ ᠪᠠᠳᠠᠷᠠᠭᠤᠯᠵᠤ᠂ | ᠦᠨᠳᠤᠰᠤᠳᠡᠨ ᠨᠦᠭᠦᠳ ᠤᠨ ᠠᠷᠡᠳ ᠤᠯᠠᠨ ᠤ ᠪᠦᠯᠭᠦᠮᠳᠡᠯ ᠨᠢᠭᠳᠠᠷᠠᠯ ᠢ ᠤᠯᠠᠮ ᠪᠠᠳᠤᠳᠬᠠᠬᠤ ᠶᠢᠨ ᠲᠥᠯᠥ᠋ᠭᠡ ᠤᠶᠢᠷ᠎ᠠ ᠶᠢᠨ ᠡᠳᠤᠷ᠂ ᠦᠤᠰᠢᠨ ᠬᠤᠰᠢᠭᠤᠨ ᠤ | ᠰᠦᠯᠳᠡ ᠰᠤᠮᠤ ᠶᠢᠨ ᠱᠠᠷᠯᠢᠭ ᠭᠠᠴᠠᠬ᠋ᠠ ᠮᠠᠯᠴᠢᠨ ᠬᠠᠰᠮᠦ᠋ᠷᠡᠨ ᠤ ᠬᠢᠨ ᠳᠤ ᠡᠪᠡᠷ ᠨᠤᠮᠣ ᠶᠢᠨ ᠤᠷᠤᠯᠳᠤᠭᠠᠨ ᠶᠠᠪᠤᠭᠳᠠᠭᠤᠯᠤᠯ᠎ᠠ᠃ | ᠡᠨᠡ ᠤᠳᠠᠭᠠᠨ ᠤ ᠤᠷᠤᠯᠳᠤᠭᠠᠨ ᠳᠤ ᠤᠳᠤᠭ ᠬᠤᠰᠢᠭᠤ᠂ ᠤᠳᠤᠭ ᠤᠨ ᠡᠮᠤᠨᠡᠳᠤ ᠬᠤᠰᠢᠭᠤ᠂ ᠬᠠᠩᠭᠢᠨ ᠬᠤᠰᠢᠭᠤ᠂ ᠡᠵᠡᠨ ᠬᠤᠷᠤᠭ᠎ᠠ ᠬᠤᠰᠢᠭᠤ ᠵᠡᠷᠭᠡ | ᠬᠤᠰᠢᠭᠤ ᠲᠤᠭᠤᠷᠢᠭ ᠠᠴᠠ ᠬᠦᠷᠤᠯᠴᠠᠨ ᠢᠷᠡᠭᠰᠡᠨ 80 ᠭᠠᠷᠤᠢ ᠬᠠᠷᠪᠤᠭᠠᠴᠢ ᠤᠷᠤᠯᠴᠠᠬᠰᠠᠨ ᠶᠤᠮ᠃ ᠤᠷᠤᠯᠳᠤᠭᠠᠨ ᠤ ᠠᠬᠤᠢ ᠲᠠᠯᠠᠪᠠᠢ ᠳᠤ ᠬᠠᠷᠪᠤᠭᠠᠴᠢᠳ ᠤᠨ | ᠬᠠᠷᠪᠤᠭᠰᠠᠨ ᠰᠤᠮᠤ ᠢᠰᠭᠡᠷᠤᠨ ᠱᠤᠤᠬᠢᠵᠤ ᠲᠡᠭᠦᠵᠢᠩ ᠫᠠᠢ ᠶᠢᠨ ᠭᠤᠣᠯ ᠢ ᠤᠨᠤᠭᠠᠬᠤ ᠳᠤ ᠦᠵᠡᠭᠴᠢᠳ ᠤᠨ ᠤᠤᠬᠠᠶᠢᠯᠠᠬᠤ ᠲᠠᠭᠤᠨ ᠤᠷᠤᠯᠳᠤᠭᠠᠨ ᠢ ᠦᠨᠳᠤᠷ | ᠲᠦᠪᠰᠢᠨ ᠳᠤ ᠬᠦᠷᠭᠡᠵᠦ ᠪᠠᠶᠢᠯ᠎ᠠ᠃ | ᠬᠠᠷᠪᠤᠭᠠᠴᠢ ᠡᠷᠳᠡᠮᠳᠤ᠄ ︽ᠡᠨᠡ ᠤᠳᠠᠭᠠᠨ ᠤ ᠤᠷᠤᠯᠳᠤᠭᠠᠨ ᠢ ᠬᠠᠰᠮᠦ᠋ᠷᠡᠨ᠂ ᠪᠠᠶᠠᠨᠬᠠᠩᠭᠠᠢ ᠮᠠᠨ ᠤ ᠭᠤᠷᠪᠠᠭᠤᠯᠠ ᠡᠷᠬᠢᠯᠡᠨ ᠬᠢᠵᠠᠢ᠃ ᠭᠤᠣᠯ | ᠵᠣᠷᠢᠯᠭ᠎ᠠ ᠨᠢ ᠪᠥᠭᠦ ᠠᠷᠡᠳ ᠢᠶᠠᠷ ᠢᠶᠠᠨ ᠪᠡᠶ᠎ᠡ ᠪᠠᠨ ᠴᠢᠬᠢᠷᠠᠭᠵᠢᠭᠤᠯᠵᠦ᠂ ᠮᠠᠯᠴᠢᠨ ᠲᠠᠷᠢᠶᠠᠴᠢᠳ ᠤᠨ ᠠᠵᠢᠯ ᠤᠨ ᠴᠢᠯᠥ᠋ᠭᠡᠨ ᠤ ᠰᠤᠶᠤᠯ ᠤᠨ ᠠᠮᠢᠳᠤᠷᠠᠯ ᠢ | ᠪᠠᠶᠠᠯᠢᠭᠵᠢᠭᠤᠯᠬᠤ ᠶᠢᠨ ᠲᠦᠯᠦ᠋ᠭᠡ ᠶᠣᠮ︾ ᠬᠡᠵᠦ ᠪᠠᠶᠢᠯ᠎ᠠ᠃ | ᠤᠶᠢᠯᠠᠭᠠᠭᠰᠠᠨ ᠢᠶᠠᠷ ᠤᠷᠤᠯᠳᠤᠭᠠᠨ ᠢ 30ᠮᠧᠲᠷ ᠤᠨ ᠵᠠᠶᠢᠳᠠᠢ ᠠᠴᠠ ᠰᠡᠷᠡᠨ ᠫᠠᠢ ᠬᠠᠷᠪᠤᠬᠤ ᠭᠡᠯᠪᠡᠷᠢ ᠪᠠᠷ ᠶᠠᠪᠤᠭᠳᠠᠭᠤᠯᠵᠤ᠂ ᠤᠷᠤᠯᠴᠠᠭᠴᠢ ᠨᠢᠭᠡ ᠪᠦᠷᠢ | 25 ᠰᠤᠮᠤ ᠬᠠᠷᠪᠤᠵᠤ ᠤᠯᠤᠭᠰᠠᠨ ᠬᠤᠪᠢ ᠪᠠᠷ ᠲᠠᠰ ᠳ᠋ᠤᠭᠠᠷ ᠢ ᠰᠢᠯᠭᠠᠷᠠᠭᠤᠯᠤᠨ ᠡᠮᠤᠨ᠎ᠠ 16 ᠨᠡᠷ᠎ᠡ ᠳᠤ ᠱᠠᠩᠨᠠᠯ ᠤᠯᠭᠤᠭᠰᠠᠨ ᠪᠠᠶᠢᠨ᠎ᠠ᠃ ᠤᠷᠤᠯᠳᠤᠭᠠᠨ ᠨᠢ | ᠬᠤᠷᠴᠠ ᠰᠢᠷᠤᠭᠦᠨ ᠶᠠᠪᠤᠭᠳᠠᠵᠤ ᠡᠯ᠎ᠡ ᠬᠤᠰᠢᠭᠤ ᠲᠤᠭᠤᠷᠢᠭ ᠠᠴᠠ ᠬᠦᠷᠦᠯᠴᠡᠨ ᠢᠷᠡᠭᠰᠡᠨ ᠬᠠᠷᠪᠤᠭᠠᠴᠢᠳ ᠲᠤᠷᠰᠢᠯᠭ᠎ᠠ ᠪᠠᠨ ᠰᠤᠯᠢᠯᠴᠠᠬᠤ ᠰᠠᠶᠢᠬᠠᠨ ᠲᠠᠪᠴᠠᠩ | ᠪᠤᠯᠤᠭᠰᠠᠨ ᠪᠠᠶᠢᠨ᠎ᠠ᠃ | | |