︽ᠲᠠᠯ᠎ᠠ ᠨᠤᠲᠤᠭ ᠤᠨ ᠪᠤᠯᠵᠤᠭ᠎ᠠ · ᠬᠠᠶᠢᠷ᠎ᠠ ᠬᠠᠯᠠᠮᠵᠢᠲᠦ ᠬᠤᠲᠠ ᠶᠢᠨ ᠠᠮᠠᠷᠠᠯᠲᠠ ᠶᠢᠨ ᠡᠳᠦᠷ ᠤᠨ ᠠᠶᠠᠯᠠᠯ︾ ᠣᠷᠳᠣᠰ ᠨᠡᠷᠡᠮᠵᠢᠲᠦ ᠭᠠᠯᠲᠤ ᠲᠡᠷᠭᠡ ᠠᠩᠬᠠᠨ ᠤ ᠡᠭᠡᠯᠵᠢ ᠶᠢᠨ ᠠᠶᠠᠯᠠᠯ ᠢᠶᠠᠨ ᠡᠬᠢᠯᠡᠭᠦᠯᠵᠡᠢ
ᠨᠡᠶᠢᠲᠡᠯᠡᠭᠰᠡᠨ ᠴᠠᠭ᠄
2023/4/23
      ᠤᠶᠢᠷ᠎ᠠ ᠶᠢᠨ ᠡᠳᠦᠷ᠂ ︽ᠲᠠᠯ᠎ᠠ ᠨᠤᠲᠤᠭ ᠤᠨ ᠪᠤᠯᠵᠤᠭ᠎ᠠ · ᠬᠠᠶᠢᠷ᠎ᠠ ᠬᠠᠯᠠᠮᠵᠢᠲᠦ ᠬᠤᠲᠠ ᠶᠢᠨ ᠠᠮᠠᠷᠠᠯᠲᠠ ᠶᠢᠨ ᠡᠳᠦᠷ ᠤᠨ ᠠᠶᠠᠯᠠᠯ︾ ᠣᠷᠳᠣᠰ ᠨᠡᠷᠡᠮᠵᠢᠲᠦ ᠭᠠᠯᠲᠤ ᠲᠡᠷᠭᠡ ᠠᠩᠬᠠᠨ ᠤ ᠡᠭᠡᠯᠵᠢ ᠶᠢᠨ ᠠᠶᠠᠯᠠᠯ ᠢᠶᠠᠨ ᠡᠬᠢᠯᠡᠬᠦᠯᠬᠦ ᠶᠣᠰᠣᠯᠠᠯ ᠤᠷᠳᠤᠰ ᠦᠷᠳᠡᠬᠡᠨ ᠳᠤ ᠶᠠᠪᠤᠭᠳᠠᠪᠠ᠃         ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠤᠨ ᠳᠠᠷᠤᠭ᠎ᠠ ᠴᠢᠨ ᠶᠠᠨ᠂ ᠬᠤᠳᠠ ᠶᠢᠨ ᠤᠳᠤᠷᠢᠳᠤᠯᠭ᠎ᠠ ᠳ᠋ᠦ᠋ ᠬᠤᠢ ᠯᠢᠶᠠᠩ᠂ ᠬᠤᠸᠠ ᠷᠦᠢ ᠹᠤᠩ᠂ ᠪᠠᠶᠠᠷ᠂ ᠮᠢᠶᠣᠣ ᠴᠧᠩ ᠢᠦᠢ᠂ ᠵᠢᠷᠭᠠᠯᠲᠦ ᠶᠣᠰᠣᠯᠠᠯ ᠳᠤ ᠣᠷᠣᠯᠴᠠᠭᠰᠠᠨ ᠪᠥᠭᠡᠳ ᠸᠠᠭᠤᠨ ᠤ ᠲᠤᠳᠤᠷᠠᠬᠢ ᠶᠢ ᠲᠣᠭᠤᠷᠢᠨ ᠦᠵᠡᠵᠦ᠂ ᠬᠠᠶᠢᠷ᠎ᠠ ᠬᠠᠯᠠᠮᠵᠢᠲᠦ ᠬᠤᠲᠠ ᠶᠢᠨ ᠤᠷᠳᠤᠰ ᠨᠡᠷᠡᠮᠵᠢᠲᠦ ᠭᠠᠯᠲᠤ ᠲᠡᠷᠭᠡ ᠠᠩᠬᠠᠨ ᠤ ᠡᠭᠡᠯᠵᠢ ᠶᠢᠨ ᠠᠶᠠᠯᠠᠯ ᠢᠶᠠᠨ ᠡᠬᠢᠯᠡᠬᠦᠯᠬᠦ ᠶᠢ ᠬᠠᠮᠲᠤ ᠪᠠᠷ ᠭᠡᠷᠡᠴᠢᠯᠡᠪᠡ᠃          ᠮᠢᠶᠣᠣ ᠴᠧᠩ ᠢᠦᠢ ᠪᠠᠶᠠᠷ ᠤᠨ ᠦᠭᠡ ᠳᠡᠭᠡᠨ ᠥᠷᠭᠡᠨ ᠤᠯᠠᠨ ᠵᠤᠭᠠᠴᠠᠭᠴᠢ ᠶᠢᠨ ᠤᠷᠳᠤᠰ ᠲᠤ ᠢᠷᠡᠵᠦ ᠰᠢᠨᠵᠢᠯᠡᠨ ᠪᠠᠶᠢᠴᠠᠭᠠᠵᠤ ᠰᠣᠯᠢᠯᠴᠠᠭ᠎ᠠ ᠬᠢᠵᠦ᠂ ᠲᠤᠭᠤᠷᠢᠨ ᠵᠤᠭᠠᠴᠠᠵᠤ ᠠᠮᠠᠷᠠᠯᠲᠠ ᠶᠢᠨ ᠡᠳᠣᠷ ᠢᠶᠠᠨ ᠦᠡᠭᠭᠡᠷᠡᠬᠦᠯᠦ᠋ᠨ᠂ ᠬᠠᠶᠢᠷ᠎ᠠ ᠬᠠᠯᠠᠮᠵᠢᠲᠦ ᠬᠤᠲᠠ ᠤᠷᠳᠤᠰ ᠢ ᠪᠡᠶᠡᠴᠢᠯᠡᠨ ᠣᠶᠢᠯᠠᠭᠠᠬᠤ ᠶᠢ ᠴᠢᠩ ᠰᠡᠳᠭᠢᠯ ᠠᠴᠠ ᠪᠠᠨ ᠤᠷᠢᠬᠰᠠᠨ ᠪᠠᠶᠢᠨ᠎ᠠ᠃          ᠣᠶᠢᠯᠠᠭᠠᠭᠰᠠᠨ ᠢᠶᠠᠷ᠂ ᠬᠠᠶᠢᠷ᠎ᠠ ᠬᠠᠯᠠᠮᠵᠢᠲᠦ ᠬᠤᠲᠠ ᠶᠢᠨ ︽ᠣᠷᠳᠣᠰ ᠨᠡᠷᠡᠮᠵᠢᠲᠦ︾ ᠭᠠᠯᠲᠤ ᠲᠡᠷᠭᠡ ᠶᠢ ᠠᠩᠬ᠎ᠠ ᠨᠡᠪᠳᠡᠷᠡᠬᠦᠯᠦ᠋ᠭᠰᠡᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠪᠤᠯᠤᠨ᠋᠎ᠠ᠂ ᠮᠦᠨ ᠴᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠵᠠᠰᠠᠭ ᠤᠨ ᠣᠷᠳᠣᠨ ᠤ ︽ᠵᠤᠭᠠᠴᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠨᠡᠷ᠎ᠡ ᠠᠯᠳᠠᠷᠰᠢᠯ ᠢ ᠮᠠᠨᠳᠤᠭᠤᠯᠤᠨ᠂ ᠲᠠᠳᠠᠬᠤ ᠬᠦᠴᠦᠨ ᠢ ᠨᠢᠭᠲᠠᠷᠠᠭᠤᠯᠬᠤ︾ ᠴᠢᠬᠤᠯᠠ ᠠᠷᠭ᠎ᠠ ᠬᠡᠮᠵᠢᠶ᠎ᠠ ᠮᠦᠨ᠃ ᠡᠨᠡ ᠨᠢ ᠣᠷᠣᠨ ᠪᠦᠰᠡ ᠠᠯᠤᠰᠯᠠᠭᠰᠠᠨ ᠰᠣᠶᠣᠯ ᠵᠤᠭᠠᠴᠠᠯ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠵᠦ᠂ ︽ᠰᠢ ᠠᠨ — ᠤᠷᠳᠤᠰ︾ ᠬᠤᠲᠠ ᠬᠤᠯᠪᠤᠭᠠᠯᠠᠬᠰᠠᠨ ᠵᠤᠭᠠᠴᠠᠯ ᠤᠨ ᠬᠤᠷᠳᠤᠴᠠ ᠶᠢ ᠳᠡᠭᠡᠭᠰᠢᠯᠡᠭᠦᠯᠦ᠋ᠨ ᠲᠡᠰ ᠳᠡᠪᠰᠢᠭᠦᠯᠬᠦ ᠶᠢ ᠠᠬᠢᠭᠤᠯᠵᠤ᠂ ᠥᠷᠭᠡᠨ ᠤᠯᠠᠨ ᠵᠤᠭᠠᠴᠠᠭᠴᠢ ᠶᠢᠨ ᠤᠷᠳᠤᠰ ᠢ ᠣᠶᠢᠯᠠᠭᠠᠬᠤ᠂ ᠥᠪᠥᠷ ᠮᠣᠩᠭᠤᠯ ᠢ ᠬᠠᠶᠢᠷᠠᠯᠠᠬᠤ ᠳᠤ ᠴᠢᠬᠤᠯᠠ ᠲᠠᠪᠴᠠᠩ ᠬᠠᠩᠭᠠᠬᠤ ᠪᠣᠯᠤᠨ᠎ᠠ᠃      
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ