​2023 ᠤᠨ ᠤ ᠪᠦᠬᠦ ᠣᠷᠣᠨ ᠤ ᠰᠣᠶᠣᠯ ᠵᠤᠭᠠᠴᠠᠯ ᠤᠨ ᠠᠵᠢᠯ ᠤᠨ ᠬᠠᠮᠢᠶ᠎ᠠ ᠪᠦᠬᠦᠢ ᠪᠡᠯᠡ ᠮᠥᠩᠭᠦ ᠳᠤ ᠶᠠᠭᠤ ᠶᠠᠭᠤ ᠪᠠᠶᠢᠬᠤ ᠪᠤᠢ︖
ᠨᠡᠶᠢᠲᠡᠯᠡᠭᠰᠡᠨ ᠴᠠᠭ᠄
2023/4/23
      ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠲᠤᠭᠲᠠᠭᠤᠨ ᠢᠶᠠᠷ ᠨᠡᠮᠡᠭᠳᠡᠭᠦᠯᠤᠨ ᠬᠡᠷᠡᠭᠯᠡᠭᠡ ᠶᠢ ᠠᠬᠢᠭᠤᠯᠬᠤ ᠰᠶᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠵᠢᠴᠢ ᠰᠤᠶᠤᠯ ᠵᠤᠭᠠᠴᠠᠯ ᠤᠨ ᠬᠡᠷᠡᠭᠯᠡᠭᠡᠨ ᠤ ᠳᠠᠯᠳᠠ ᠬᠦᠴᠤᠨ ᠢ ᠦᠷᠭᠦᠯᠵᠢᠯᠡᠨ ᠪᠠᠳᠠᠷᠠᠭᠤᠯᠵᠤ᠂ ᠠᠵᠢᠯ ᠲᠦᠷᠦᠯ ᠤᠨ ᠰᠡᠷᠭᠦᠨ ᠬᠦᠭᠵᠢᠬᠦ ᠶᠢ ᠨᠡᠩ ᠰᠠᠶᠢᠲᠤᠷ ᠳᠡᠮᠵᠢᠨ᠂ ᠮᠠᠨ ᠤ ᠤᠷᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠶᠢᠨ ᠲᠤᠯᠠᠳᠠ 2023 ᠤᠨ ᠳᠤ ᠥᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠪᠡᠯᠡ ᠮᠦᠩᠭᠦ ᠶᠢ ᠳᠠᠷᠠᠭᠠᠬᠢ ᠮᠡᠲᠤ ᠲᠤᠬᠢᠷᠠᠭᠤᠯᠤᠭᠰᠠᠨ ᠪᠠᠶᠢᠨ᠎ᠠ᠃ ᠠᠩᠬᠠᠷᠤᠯ ᠢᠶᠠᠨ ᠬᠠᠨᠳᠤᠭᠤᠯᠤᠶ᠎ᠠ︕          ᠭᠤᠤᠯᠳᠠᠯᠭ᠎ᠠ ᠲᠠᠢ ᠵᠤᠭᠠᠴᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ         ᠥᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠪᠡᠯᠡ ᠮᠦᠩᠭᠦ ᠶᠢ 4000 ᠲᠦᠮᠡᠨ ᠲᠦᠭᠦᠷᠢᠭ ᠲᠤᠬᠢᠷᠠᠭᠤᠯᠵᠤ᠂ ᠲᠡᠭᠡᠳᠦ A ᠲᠡᠰ ᠤᠨ ᠵᠤᠭᠠᠴᠠᠯ ᠤᠨ ᠦᠵᠡᠮᠵᠢ ᠶᠢᠨ ᠤᠷᠤᠨ᠂ ᠵᠤᠭᠠᠴᠠᠯ ᠤᠨ ᠴᠠᠰᠤᠨ ᠳᠤ ᠭᠤᠯᠭᠤᠬᠤ ᠠᠮᠠᠷᠠᠯᠲᠠ ᠶᠢᠨ ᠭᠠᠵᠠᠷ᠂ ᠳᠡᠭᠡᠳᠦ ᠲᠡᠰ ᠤᠨ ᠰᠠᠭᠤᠷᠢᠰᠢᠯ ᠪᠠᠶᠢᠷᠢ᠂ 4C ᠲᠡᠰ ᠠᠴᠠ ᠳᠡᠭᠡᠭᠰᠢᠬᠢ ᠬᠤᠪᠢ ᠶᠢᠨ ᠮᠠᠰᠢᠨ ᠲᠡᠷᠭᠡ ᠪᠠᠷ ᠵᠤᠭᠠᠴᠠᠨ ᠰᠠᠭᠤᠬᠤ ᠭᠠᠵᠠᠷ ᠵᠡᠷᠭᠡ ᠲᠦᠷᠦᠯ ᠵᠦᠢᠯ ᠳᠤ ᠱᠠᠩᠨᠠᠯ ᠨᠦᠬᠦᠪᠦᠷᠢ ᠤᠯᠭᠤᠨ᠎ᠠ᠃        ᠰᠤᠶᠤᠯ ᠵᠤᠭᠠᠴᠠᠯ ᠤᠨ ᠰᠢᠷᠢᠰ ᠭᠤᠤᠯ ᠰᠡᠳᠦᠪᠲᠦ ᠠᠵᠢᠯᠯᠠᠭ᠎ᠠ ᠶᠢ ᠵᠤᠬᠢᠶᠠᠨ ᠪᠠᠶᠢᠭᠤᠯᠤᠨ ᠥᠷᠨᠢᠭᠦᠯᠦᠨ᠎ᠡ          ᠥᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠪᠡᠯᠡ ᠮᠦᠩᠭᠦ ᠶᠢ 2000 ᠲᠦᠮᠡᠨ ᠲᠦᠭᠦᠷᠢᠭ ᠲᠤᠬᠢᠷᠠᠭᠤᠯᠵᠤ᠂ ᠬᠠᠲᠤᠨ ᠭᠤᠤᠯ ᠤᠨ ᠲᠤᠬᠤᠢ ᠶᠢᠨ ᠰᠤᠶᠤᠯ ᠵᠤᠭᠠᠴᠠᠯ ᠤᠨ ᠨᠠᠶᠢᠷ᠂ ᠵᠤᠭᠠᠴᠠᠯ ᠤᠨ ᠨᠠᠭᠠᠳᠤᠮ ᠵᠡᠷᠭᠡ ᠰᠢᠷᠢᠰ ᠠᠵᠢᠯᠯᠠᠭ᠎ᠠ ᠥᠷᠨᠢᠭᠦᠯᠬᠦ ᠶᠢ ᠳᠡᠮᠵᠢᠨ ᠵᠤᠷᠢᠭᠵᠢᠭᠤᠯᠵᠤ᠂ ᠤᠷᠤᠨ ᠤ ᠲᠤᠲᠤᠨ᠎ᠠ ᠭᠠᠳᠠᠨᠠᠬᠢ ᠵᠤᠭᠠᠴᠠᠬᠰᠠᠳ ᠢ ᠲᠠᠳᠠᠵᠤ᠂ ᠪᠦᠭᠦ ᠤᠷᠤᠨ ᠤ ᠵᠤᠭᠠᠴᠠᠯ ᠤᠨ ᠵᠠᠬ᠎ᠠ ᠳᠡᠯᠭᠡᠭᠦᠷ ᠢ ᠰᠡᠷᠭᠦᠭᠡᠨ᠎ᠡ᠃        ᠤᠯᠠᠮᠵᠢᠯᠠᠯᠲᠤ ᠭᠠᠷ ᠤᠷᠠᠯᠠᠯ ᠤᠨ ᠠᠵᠢᠯᠯᠠᠬᠤ ᠥᠷᠲᠡᠭᠡ ᠪᠤᠳᠠᠰ ᠤᠨ ᠪᠤᠰᠤ ᠰᠤᠶᠤᠯ ᠤᠨ ᠥᠪ ᠤᠨ ᠠᠵᠢᠯ ᠤᠯᠭᠤᠬᠤ ᠦᠢᠯᠡᠳᠬᠡᠯ ᠢ ᠴᠤᠭᠴᠠᠯᠠᠨ ᠪᠠᠶᠢᠭᠤᠯᠤᠨ᠎ᠠ         ᠥᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠪᠡᠯᠡ ᠮᠦᠩᠭᠦ ᠶᠢ 1000 ᠲᠦᠮᠡᠨ ᠲᠦᠭᠦᠷᠢᠭ ᠲᠤᠬᠢᠷᠠᠭᠤᠯᠵᠤ᠂ ᠰᠤᠶᠤᠯ ᠤᠨ ᠡᠭᠦᠳᠤᠨ ᠪᠦᠲᠦᠭᠡᠭᠦ ᠠᠵᠤ ᠠᠬᠤᠶᠢᠯᠠᠯ ᠯᠤᠭ᠎ᠠ ︽ᠬᠠᠪᠰᠤᠷᠤᠯᠴᠠᠭ᠎ᠠ ᠪᠠᠶᠢᠭᠤᠯᠬᠤ︾ ᠠᠵᠢᠯ ᠢ ᠥᠷᠨᠢᠭᠦᠯᠵᠤ᠂ ᠰᠦᠯᠵᠢᠶᠡᠨ ᠳᠡᠭᠡᠷᠡᠬᠢ ︽ᠥᠪᠤᠷ ᠮᠤᠩᠭᠤᠯ ᠤᠨ ᠪᠤᠳᠠᠰ ᠤᠨ ᠪᠤᠰᠤ ᠰᠤᠶᠤᠯ ᠤᠨ ᠥᠪ ᠤᠨ ᠤᠷᠳᠤᠨ︾᠎ ᠤ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠤᠷᠤᠨ ᠤ ᠤᠯᠠᠮᠵᠢᠯᠠᠯᠲᠤ ᠭᠠᠷ ᠣᠷᠠᠯᠠᠯ ᠬᠢᠭᠡᠳ ᠤᠳᠤ ᠦᠶ᠎ᠡ ᠶᠢᠨ ᠪᠦᠲᠦᠭᠡᠯᠴᠢ ᠦᠵᠡᠰᠭᠦᠯᠡᠩ ᠢ ᠡᠷᠬᠢᠯᠡᠵᠤ᠂ ᠪᠤᠳᠠᠰ ᠤᠨ ᠪᠤᠰᠤ ᠰᠤᠶᠤᠯ ᠤᠨ ᠥᠪ ᠤᠨ ᠠᠵᠤ ᠦᠢᠯᠡᠰᠵᠢᠬᠦ᠂ ᠵᠠᠬ᠎ᠠ ᠳᠡᠯᠭᠡᠭᠦᠷᠴᠢᠯᠡᠬᠦ ᠬᠦᠭᠵᠢᠯᠲᠡ ᠶᠢ ᠠᠬᠢᠭᠤᠯᠵᠤ᠂ ᠰᠤᠶᠤᠯ ᠤᠨ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠪᠤᠢ ᠪᠤᠯᠭᠠᠨ᠎ᠠ᠃       ᠵᠤᠭᠠᠴᠠᠯ ᠤᠨ ᠵᠠᠬ᠎ᠠ ᠳᠡᠯᠭᠡᠭᠦᠷ ᠤᠨ ᠰᠡᠷᠭᠦᠯᠲᠡ ᠶᠢ ᠲᠠᠶᠢᠴᠢᠯᠠᠨ᠎ᠠ         ︽ᠠᠶᠠᠨᠴᠢᠳ ᠢ ᠥᠪᠤᠷ ᠮᠤᠩᠭᠤᠯ ᠳᠤ ᠳᠠᠲᠠᠨ ᠢᠷᠡᠭᠦᠯᠬᠦ︾ ᠲᠦᠯᠦᠪᠯᠡᠭᠡ ᠶᠢ ᠬᠡᠷᠡᠭᠵᠢᠭᠦᠯᠵᠤ᠂ ᠬᠦᠭᠡᠮᠦ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ᠂ ᠪᠡᠭᠡᠵᠢᠩ ᠲᠢᠶᠠᠨᠵᠢᠨ ᠾᠧᠪᠸᠢ ᠵᠡᠷᠭᠡ ᠭᠠᠵᠠᠷ ᠤᠷᠤᠨ ᠳᠤ ᠭᠤᠤᠯ ᠰᠡᠳᠤᠪᠲᠤ ᠤᠬᠠᠭᠤᠯᠤᠨ ᠲᠡᠯᠭᠡᠷᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠥᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠪᠡᠯᠡ ᠮᠦᠩᠭᠦ ᠶᠢ 2000 ᠲᠦᠮᠡᠨ ᠲᠦᠭᠦᠷᠢᠭ ᠲᠤᠬᠢᠷᠠᠭᠤᠯᠵᠤ᠂ ᠤᠷᠤᠨ ᠤ ᠭᠠᠳᠠᠨᠠᠬᠢ ᠵᠤᠭᠠᠴᠠᠬᠰᠠᠳ ᠢ ᠲᠡᠳᠡᠨ ᠠᠪᠴᠢᠷᠠᠭᠰᠠᠨ ᠵᠤᠭᠠᠴᠠᠯ ᠤᠨ ᠺᠤᠮᠫᠠᠨᠢ ᠳᠤ ᠱᠠᠩᠨᠠᠯ ᠤᠯᠭᠤᠨ᠎ᠠ᠃        ᠰᠤᠶᠤᠯ ᠵᠤᠭᠠᠴᠠᠯ ᠤᠨ ᠲᠠᠸᠠᠷ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠠᠬᠢᠭᠤᠯᠤᠨ᠎ᠠ       ᠥᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠪᠡᠯᠡ ᠮᠦᠩᠭᠦ ᠶᠢ 4000 ᠲᠦᠮᠡᠨ ᠲᠦᠭᠦᠷᠢᠭ ᠲᠤᠬᠢᠷᠠᠭᠤᠯᠵᠤ᠂ ᠭᠤᠤᠯᠳᠠᠯᠭ᠎ᠠ ᠲᠠᠢ ᠰᠤᠶᠤᠯ ᠪᠠ ᠵᠤᠭᠠᠴᠠᠯ ᠤᠨ ᠪᠦᠲᠦᠭᠡᠯᠴᠢ ᠲᠠᠸᠠᠷ ᠤᠨ ᠳᠡᠯᠭᠡᠭᠦᠷ᠂ ᠰᠤᠶᠤᠯ ᠵᠤᠭᠠᠴᠠᠯ ᠤᠨ ᠪᠦᠲᠦᠭᠡᠯᠴᠢ ᠲᠠᠸᠠᠷ ᠤᠨ ᠨᠡᠭᠡᠭᠡᠨ ᠬᠦᠭᠵᠢᠭᠦᠯᠦᠯᠲᠡ᠂ ᠳᠠᠯᠠᠪᠤᠷ ᠲᠤ ᠰᠠᠭᠤᠭ᠎ᠠ ᠵᠤᠭᠠᠴᠠᠯ ᠤᠨ ᠰᠤᠳᠤᠨ ᠲᠤᠭᠯᠠᠯᠲᠠ ᠵᠡᠷᠭᠡ ᠲᠦᠷᠦᠯ ᠵᠦᠢᠯ ᠳᠤ ᠳᠡᠮᠵᠢᠯᠭᠡ ᠦᠵᠡᠭᠦᠯᠦᠨ᠎ᠡ᠃         ᠭᠠᠳᠠᠭᠠᠲᠤ ᠤᠬᠠᠭᠤᠯᠭ᠎ᠠ ᠶᠢᠨ ᠲᠠᠨᠢᠯᠴᠠᠭᠤᠯᠭ᠎ᠠ ᠶᠢ ᠴᠢᠩᠭᠠᠳᠬᠠᠨ᠎ᠠ        ᠥᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠪᠡᠯᠡ ᠮᠦᠩᠬᠦ ᠶᠢ 5000 ᠲᠦᠮᠡᠨ ᠲᠦᠭᠦᠷᠢᠭ ᠲᠤᠬᠢᠷᠠᠭᠤᠯᠵᠤ᠂ ᠭᠤᠤᠯ ᠪᠤᠯᠬᠤ ᠵᠠᠭᠤᠴᠢᠯᠠᠭᠤᠷ ᠲᠤ ᠵᠠᠷ ᠮᠡᠳᠡᠭᠡ ᠨᠡᠶᠢᠲᠡᠯᠡᠨ᠂ ᠲᠦᠷᠪᠡᠨ ᠤᠯᠠᠷᠢᠯ ᠤᠨ ᠵᠤᠭᠠᠴᠠᠯ ᠢ ᠨᠡᠶᠢᠲᠡᠯᠡᠬᠦ ᠵᠡᠷᠭᠡ ᠠᠵᠢᠯᠯᠠᠭ᠎ᠠ ᠶᠢ ᠤᠬᠠᠭᠤᠯᠤᠨ ᠡᠷᠬᠢᠯᠡᠨ᠎ᠡ᠃ ᠥᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠠᠵᠤ ᠠᠬᠤᠶᠢᠯᠠᠯ ᠭᠤᠷᠪᠠᠨ ᠱᠠᠲᠤᠨ ᠤ ᠤᠬᠠᠭᠤᠯᠭ᠎ᠠ ᠶᠢᠨ ᠬᠠᠮᠲᠤᠷᠠᠨ ᠬᠦᠲᠡᠯᠦᠯᠴᠡᠬᠦ ᠠᠵᠢᠯ ᠤᠨ ᠲᠤᠭᠲᠠᠴᠠ ᠶᠢ ᠪᠠᠶᠢᠭᠤᠯᠵᠤ᠂ ︽ᠲᠦᠷᠪᠡᠨ ᠤᠯᠠᠷᠢᠯ ᠦᠵᠡᠮᠵᠢ ᠲᠡᠭᠦᠯᠳᠡᠷ ᠦᠵᠡᠰᠭᠦᠯᠡᠩᠲᠦ ᠰᠠᠶᠢᠬᠠᠨ ᠥᠪᠤᠷ ᠮᠤᠩᠭᠤᠯ︾᠎ ᠤᠨ ᠨᠡᠷᠡᠲᠤ ᠲᠦᠷᠦᠯ ᠲᠡᠮᠲᠡᠭᠲᠤ ᠶᠢᠨ ᠨᠦᠯᠦᠭᠡᠯᠡᠬᠦ ᠬᠦᠴᠤᠨ ᠢ ᠬᠦᠴᠦᠯᠡᠨ ᠲᠡᠭᠡᠭᠰᠢᠯᠡᠭᠦᠯᠦᠨ᠎ᠡ᠃                
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ