ᠬᠤᠸᠠ ᠷᠦᠢ ᠹᠧᠩ
ᠨᠡᠶᠢᠲᠡᠯᠡᠭᠰᠡᠨ ᠴᠠᠭ᠄
2023/4/9
1.jpg
ᠬᠤᠪᠢᠶᠠᠨ ᠬᠠᠮᠢᠶᠠᠷᠴᠤ ᠪᠠᠶᠢᠭ᠎ᠠ ᠠᠵᠢᠯ     ᠬᠤᠲᠠ ᠶᠢᠨ ᠳᠠᠷᠤᠭ᠎ᠠ ᠲᠠᠢ ᠬᠠᠮᠵᠢᠯᠴᠠᠨ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃    ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ︶ ᠶᠢ ᠬᠤᠪᠢᠶᠠᠨ ᠬᠠᠮᠢᠶᠠᠷᠤᠨ᠎ᠠ᠃    ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠴᠡᠴᠡᠷᠯᠢᠭ ᠤᠨ ᠪᠠᠭᠰᠢ ᠶᠢᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠣᠷᠳᠣᠰ ᠤᠨ ᠠᠮᠢ ᠠᠬᠤᠶ ᠣᠷᠴᠢᠨ ᠲᠣᠭᠤᠷᠢᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠪ ᠬᠠᠮᠲᠤ ᠵᠠᠯᠠᠭᠤᠴᠤᠳ ᠤᠨ ᠡᠪᠯᠡᠯ ᠤᠨ ᠣᠷᠳᠣᠰ ᠬᠤᠲᠠ ᠶᠢᠨ ᠬᠤᠷᠢᠶ᠎ᠠ ᠲᠠᠢ ᠬᠠᠷᠢᠯᠴᠠᠨ᠎ᠠ᠃ᠨᠠᠮᠲᠠᠷ    ᠬᠤᠸᠠ ᠷᠦᠢ ᠹᠧᠩ᠂ ᠡᠷᠡᠭᠲᠡᠶ᠂ ᠮᠣᠩᠭᠤᠯ ᠦᠨᠳᠦᠰᠦᠲᠡᠨ᠂ 1969 ᠣᠨ ᠤ 8 ᠰᠠᠷ᠎ᠠ ᠳᠤ ᠳᠦᠷᠦᠵᠡᠶ᠂ ᠲᠥᠪ ᠤᠨ ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃    ᠤᠳᠤ ᠤᠷᠳᠤᠰ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠲᠡᠳ᠋ ᠬᠤᠳᠠ ᠶᠢᠨ ᠲᠠᠷᠤᠭ᠎ᠠ᠂ ᠴᠢᠩᠭᠢᠰ ᠬᠠᠭᠠᠨ ᠤ ᠤᠩᠭᠤᠨ ᠤ ᠵᠢᠭᠤᠯᠴᠢᠯᠠᠯ ᠤᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ