ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠲᠤᠬᠠᠶ ᠰᠤᠷᠭᠠᠨ ᠬᠥᠮᠦᠵᠢᠯ ᠤᠨ ᠶᠠᠮᠤᠨ ᠲᠣᠳᠣᠷᠬᠠᠶ ᠲᠣᠭᠲᠠᠭᠠᠪᠠ
ᠨᠡᠶᠢᠲᠡᠯᠡᠭᠰᠡᠨ ᠴᠠᠭ᠄
2023/5/10
      ᠰᠤᠷᠭᠠᠨ ᠬᠥᠮᠦᠵᠢᠯ ᠤᠨ ᠶᠠᠮᠤᠨ 6 ᠤ ᠡᠳᠦᠷ 2023 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠳᠤ ᠬᠡᠷᠡᠭᠯᠡᠬᠦ ᠨᠣᠮ ᠤᠨ ᠭᠠᠷᠴᠠᠭ ᠢ ᠨᠡᠶᠢᠲᠡᠯᠡᠪᠡ᠂ ᠡᠨᠡ ᠨᠢ ᠡᠩ ᠤᠨ ᠳᠤᠮᠳᠠᠳᠤ ᠪᠠᠭ᠎ᠠ ᠰᠤᠷᠭᠠᠭᠤᠯᠢ᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠤᠷᠭᠠᠭᠤᠯᠢ ᠶᠢᠨ ᠵᠢᠭᠠᠨ ᠰᠤᠷᠭᠠᠯᠲᠠ ᠳ᠋ᠤᠬᠡᠷᠡᠭᠯᠡᠬᠦ ᠨᠣᠮ ᠳᠤ ᠬᠤᠯᠪᠣᠭᠳᠠᠵᠠᠶ᠃ ᠮᠡᠳᠡᠭᠳᠡᠯ ᠳᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠳᠤ ᠶᠠᠮᠠᠷᠪᠠ ᠬᠤᠳᠠᠯᠳᠤᠭᠠᠨ ᠤ ᠵᠠᠷ ᠪᠤᠶᠤ ᠵᠢᠭᠠᠨ ᠰᠤᠷᠭᠠᠯᠲᠠ ᠶᠢᠨ ᠬᠠᠪᠰᠤᠷᠤᠮᠵᠢ ᠮᠠᠲ᠋ᠧᠷᠢᠶᠠᠯ ᠤᠨ ᠰᠦᠯᠵᠢᠶᠡᠨ ᠤ ᠬᠠᠶ᠋ᠢᠭ᠂ ᠬᠤᠶᠠᠷ ᠬᠡᠮᠵᠢᠯᠳᠦ ᠺᠣᠳ᠋ ᠵᠡᠷᠭᠡ ᠮᠡᠳᠡᠭᠡ ᠵᠠᠩᠭᠢ ᠶᠢ ᠬᠠᠪᠴᠢᠭᠤᠯᠵᠤ ᠪᠣᠯᠬᠤ ᠥᠬᠡᠶ ᠭᠡᠵᠦ ᠲᠣᠳᠣᠷᠬᠠᠶ ᠳᠤᠷᠠᠳᠤᠨ ᠭᠠᠷᠭᠠᠪᠠ᠃       ᠮᠡᠳᠡᠭᠳᠡᠯ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠤᠯᠤᠰ ᠤᠨ ᠬᠢᠴᠢᠶᠡᠯ ᠤᠨ ᠡᠯ᠎ᠡ ᠬᠢᠴᠢᠶᠡᠯ ᠲᠥᠷᠥᠯ ᠳᠤ ︽2023 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠤᠯᠤᠰ ᠤᠨ ᠬᠢᠴᠢᠶᠡᠯ ᠤᠨ ᠵᠢᠭᠠᠨ ᠰᠤᠷᠭᠠᠯᠲᠠ ᠳᠤ ᠬᠡᠷᠡᠭᠯᠡᠬᠦ ᠨᠣᠮ ᠤᠨ ᠭᠠᠷᠴᠠᠭ︾ ᠲᠠᠬᠢ ᠵᠢᠭᠠᠬᠤ ᠮᠠᠲ᠋ᠧᠷᠢᠶᠠᠯ ᠢ ᠬᠡᠷᠡᠭᠯᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠤᠯᠤᠰ ᠤᠨ ᠬᠢᠴᠢᠶᠡᠯ ᠪᠤᠯᠬᠤ ᠪᠣᠯᠪᠠᠴᠤ ᠭᠠᠷᠴᠠᠭ ᠲᠤ ᠬᠠᠮᠢᠶ᠎ᠠ ᠪᠥᠬᠦᠶ ᠵᠢᠭᠠᠬᠤ ᠮᠠᠲ᠋ᠧᠷᠢᠶᠠᠯ ᠪᠠᠶᠢᠬᠤ ᠥᠬᠡᠶ ᠪᠤᠯ᠂ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠱᠠᠭᠠᠷᠳᠠᠯᠭ᠎ᠠ ᠶᠢ ᠦᠨᠳᠦᠰᠦᠯᠡᠨ ᠬᠠᠮᠢᠶ᠎ᠠ ᠪᠥᠬᠦᠶ ᠬᠢᠴᠢᠶᠡᠯ ᠤᠨ ᠭᠡᠷᠡᠭᠵᠢᠬᠦᠯᠬᠦ ᠠᠷᠭ᠎ᠠ ᠮᠠᠶ᠋ᠢᠭ ᠪᠠ ᠵᠢᠭᠠᠨ ᠰᠤᠷᠭᠠᠯᠲᠠ ᠶᠢᠨ ᠮᠠᠲ᠋ᠧᠷᠢᠶᠠᠯ ᠢ ᠲᠣᠭᠲᠠᠭᠠᠨ᠎ᠠ᠂ ᠬᠡᠷᠪᠡ ᠵᠢᠭᠠᠬᠤ ᠮᠠᠲ᠋ᠧᠷᠢᠶᠠᠯ ᠢ ᠬᠡᠷᠡᠭᠯᠡᠬᠦ ᠴᠢᠬᠤᠯᠠᠲᠠᠶ ᠪᠣᠯ᠂ ᠬᠡᠷᠡᠭᠯᠡᠬᠦ ᠵᠢᠭᠠᠬᠤ ᠮᠠᠲ᠋ᠧᠷᠢᠶᠠᠯ ᠢ ᠡᠷᠬᠡᠪᠰᠢ ᠵᠢᠩᠬᠢᠨᠢ ᠪᠠᠷ ᠬᠡᠪᠯᠡᠭᠦᠯᠬᠦ ᠶᠢᠨ ᠬᠠᠮᠲᠤ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠢᠶᠠᠷ ᠬᠢᠨᠠᠨ ᠲᠣᠭᠲᠠᠭᠠᠯᠭᠠᠬᠤ ᠶᠢᠨ ᠬᠠᠮᠲᠤ ᠮᠤᠵᠢ ᠶᠢᠨ ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠳᠤ ᠬᠡᠷᠡᠭᠯᠡᠬᠦ ᠨᠣᠮ ᠤᠨ ᠭᠠᠷᠴᠠᠭ ᠲᠤ ᠣᠷᠣᠭᠤᠯᠬᠤ ᠭᠡᠷᠡᠭᠳᠡᠢ᠃ ᠡᠭᠦᠨ ᠠᠴᠠ ᠭᠠᠳᠠᠨ᠎ᠠ᠂ 2023 ᠣᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ 2003 ᠣᠨ ᠤ ᠬᠢᠴᠢᠶᠡᠯ ᠤᠨ ᠪᠠᠷᠢᠮᠵᠢᠶ᠎ᠠ ᠪᠠᠷ ᠨᠠᠶᠢᠷᠠᠭᠤᠯᠤᠨ ᠪᠢᠴᠢᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠤᠨ᠂ ᠬᠤᠶᠠᠳᠤᠭᠠᠷ ᠤᠨ ᠤ ᠬᠢᠴᠢᠶᠡᠯ ᠤᠨ ᠳᠡᠪᠲᠡᠷ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠨᠣᠮ ᠤᠨ ᠭᠠᠷᠴᠠᠭ ᠲᠤ ᠲᠠᠬᠢᠵᠦ ᠣᠷᠣᠭᠤᠯᠬᠤ ᠥᠬᠡᠶ ᠭᠡᠪᠡ᠃         
ᠢᠷᠡᠯᠲᠡ᠄ ᠣᠷᠳᠣᠰ ᠤᠨ ᠡᠳᠦᠷ ᠤᠨ ᠰᠤᠨᠢᠨ