ᠣᠲᠤᠭ ᠬᠤᠰᠢᠭᠤ ᠶᠢᠨ ᠬᠤᠲᠠ ᠪᠠᠯᠭᠠᠰᠤᠵᠢᠯᠲᠠ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠄ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 79.65%᠎ ᠳᠤ ᠬᠥᠷᠪᠡ
ᠨᠡᠶᠢᠲᠡᠯᠡᠭᠰᠡᠨ ᠴᠠᠭ᠄
2023/5/16
      2022 ᠣᠨ ᠤ ᠡᠴᠦᠰ ᠪᠣᠯᠲᠠᠯ᠎ᠠ᠂ ᠪᠥᠬᠦ ᠬᠤᠰᠢᠭᠤᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ᠂ ᠬᠤᠲᠠ ᠪᠠᠯᠭᠠᠰᠤᠨ ᠳᠤ ᠰᠠᠭᠤᠭ᠎ᠠ ᠬᠥᠮᠥᠨ ᠠᠮᠠ ᠶᠢᠨ ᠲᠤᠭ᠎ᠠ 13.35 ᠲᠦᠮᠡ ᠬᠦᠷᠴᠦ᠂ ᠬᠥᠳᠡᠭᠡ ᠲᠣᠰᠬᠤᠨ ᠳᠤ ᠰᠠᠭᠤᠭ᠎ᠠ ᠬᠥᠮᠥᠨ ᠠᠮᠠ ᠶᠢᠨ ᠲᠤᠭ᠎ᠠ 3.41 ᠲᠦᠮᠡ ᠬᠦᠷᠴᠦ᠂ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 79.65% ᠬᠦᠷᠴᠦ᠂ ᠳᠡᠭᠡᠷ᠎ᠡ ᠵᠢᠯ ᠤᠨ ᠡᠴᠦᠰ ᠤᠨ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 0.03 ᠳᠡᠭᠡᠭᠰᠢᠯᠡᠪᠡ᠃ ᠪᠥᠬᠦ ᠬᠤᠲᠠ ᠶᠢᠨ ︵78.10%︶᠎ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 1.55 ᠥᠨᠳᠥᠷ ᠪᠠᠶᠢᠵᠤ᠂ ᠥᠪᠡᠷᠲᠡᠭᠡᠨ ᠵᠠᠰᠠᠬᠤ ᠣᠷᠣᠨ ᠤ ︵68.6%︶᠎ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 11.05 ᠥᠨᠳᠥᠷ ᠪᠠᠶᠢᠨ᠎ᠠ᠃ ᠬᠤᠲᠠ ᠪᠠᠯᠭᠠᠰᠤᠵᠢᠯᠲᠠ ᠶᠢᠨ ᠬᠢᠷᠢ ᠲᠦᠪᠰᠢᠨ ᠵᠢᠯ ᠳᠠᠷᠠᠭᠠᠯᠠᠨ ᠳᠡᠭᠡᠭᠰᠢᠯᠡᠪᠡ᠃
ᠢᠷᠡᠯᠲᠡ᠄ ᠣᠲᠤᠭ ᠬᠤᠰᠢᠭᠤ