ᠣᠲᠤᠭ ᠤᠨ ᠡᠮᠦᠨᠡᠲᠦ ᠬᠤᠰᠢᠭᠤᠨ ᠤ ᠬᠥᠮᠥᠨ ᠳᠤᠮᠳᠠᠴᠢ GDP 27 ᠲᠦᠮᠡᠨ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2023/5/16
       2022 ᠣᠨ ᠳᠤ᠂ ᠪᠠᠶᠢᠩᠭᠤ ᠰᠠᠭᠤᠭ᠎ᠠ ᠬᠥᠮᠥᠨ ᠠᠮᠠ ᠶᠢᠨ ᠳᠤᠮᠳᠠᠴᠢ ᠲᠤᠭ᠎ᠠ ᠪᠠᠷ ᠪᠤᠳᠤᠪᠠᠯ᠂ ᠣᠲᠤᠭ ᠤᠨ ᠡᠮᠦᠨᠡᠲᠦ ᠬᠤᠰᠢᠭᠤᠨ ᠤ ᠬᠥᠮᠥᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠥᠩᠬᠡᠢ ᠥᠷᠲᠡᠭ 274251 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.5% ᠪᠠᠷ ᠨᠡᠮᠡᠭᠳᠡᠨ᠂ 2021 ᠣᠨ ᠳᠤ 22 ᠲᠦᠮᠡᠨ ᠲᠥᠭᠦᠷᠢᠭ ᠢ ᠳᠠᠪᠠᠭᠰᠠᠨ ᠤ ᠳᠠᠷᠠᠭ᠎ᠠ᠂ 2022 ᠣᠨ ᠳᠤ 27 ᠲᠦᠮᠡᠨ ᠲᠥᠭᠦᠷᠢᠭ ᠤᠨ ᠰᠢᠨ᠎ᠡ ᠳᠡᠭᠲᠡᠷ ᠲᠤ ᠭᠠᠷᠤᠭᠰᠠᠨ ᠪᠠᠶᠢᠨ᠎ᠠ᠃ 2022 ᠣᠨ ᠤ ᠪᠦᠬᠦ ᠤᠯᠤᠰ ᠤᠨ ᠬᠥᠮᠥᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 85698 ᠲᠥᠭᠦᠷᠢᠭ ᠲᠤ ᠬᠦᠷᠴᠦ᠂ ᠪᠦᠬᠦ ᠬᠤᠳᠠ ᠶᠢᠨ ᠬᠥᠮᠥᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 256908 ᠲᠥᠭᠦᠷᠢᠭ ᠲᠤ ᠬᠦᠷᠴᠦ᠂ ᠤᠳᠤᠭ ᠤᠨ ᠡᠮᠦᠨᠡᠲᠦ ᠬᠤᠰᠢᠭᠤᠨ ᠤ ᠬᠥᠮᠥᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠪᠦᠬᠦ ᠤᠯᠤᠰ ᠤᠨ ᠳᠤᠮᠳᠠᠴᠢ ᠲᠦᠪᠰᠢᠨ ᠤ 3.2 ᠲᠠᠬᠢᠨ ᠪᠣᠯᠵᠤ᠂ ᠪᠦᠬᠦ ᠬᠤᠳᠠ ᠶᠢᠨ ᠳᠤᠮᠳᠠᠴᠢ ᠲᠦᠪᠰᠢᠨ ᠠᠴᠠ 17343 ᠲᠥᠭᠦᠷᠢᠭ ᠥᠨᠳᠥᠷ ᠪᠣᠯᠪᠠ᠃
ᠢᠷᠡᠯᠲᠡ᠄ ᠣᠲᠤᠭ ᠤᠨ ᠡᠮᠦᠨᠡᠲᠦ ᠬᠤᠰᠢᠭᠤᠨ