ᠬᠠᠩᠭᠢᠨ ᠬᠤᠰᠢᠭᠤ ᠶᠢᠨ ᠬᠥᠮᠥᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠥᠩᠬᠡᠢ ᠥᠷᠲᠡᠭ 145614 ᠲᠥᠭᠦᠷᠢᠭ ᠲᠤ ᠬᠥᠷᠪᠡ
ᠨᠡᠶᠢᠲᠡᠯᠡᠭᠰᠡᠨ ᠴᠠᠭ᠄
2023/5/16
      2022 ᠣᠨ ᠳᠤ ᠬᠠᠩᠭᠢᠨ ᠬᠤᠰᠢᠭᠤᠨ ᠤ ᠬᠥᠮᠥᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠥᠩᠬᠡᠢ ᠥᠷᠲᠡᠭ 2021 ᠣᠨ ᠳᠤ 135245 ᠲᠥᠭᠦᠷᠢᠭ ᠪᠠᠶᠢᠭᠰᠠᠨ ᠠᠴᠠ ᠪᠠᠨ ᠳᠡᠭᠡᠭᠰᠢᠯᠡᠭᠡᠳ 145614 ᠲᠥᠭᠦᠷᠢᠭ ᠪᠣᠯᠵᠤ᠂ ᠬᠥᠮᠥᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠥᠩᠬᠡᠢ ᠥᠷᠲᠡᠭ 14 ᠲᠦᠮᠡᠨ ᠲᠥᠭᠦᠷᠢᠭ ᠢ ᠳᠠᠪᠠᠪᠠ᠃ 2022 ᠣᠨ ᠳᠤ᠂ ᠬᠠᠩᠭᠢᠨ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 165.93 ᠳ᠋ᠦᠩᠰᠢᠭᠤᠷ ᠲᠥᠭᠦᠷᠢᠭ ᠲᠤ ᠬᠦᠷᠴᠦ᠂ ᠦᠨ᠎ᠡ ᠬᠠᠩᠰᠢ ᠶᠢᠨ ᠬᠦᠴᠦᠨ ᠵᠦᠢᠯ ᠢ ᠬᠠᠰᠤᠪᠠᠯ ᠠᠳᠠᠯᠢ ᠬᠤᠭᠤᠴᠠᠭᠠᠨ ᠤ ᠬᠢ ᠠᠴᠠ 3.8% ᠨᠡᠮᠡᠭᠳᠡᠪᠡ︔ ᠵᠢᠯ ᠤᠨ ᠡᠴᠦᠰ ᠲᠤ ᠪᠠᠶᠢᠩᠭᠤ ᠰᠠᠭᠤᠭ᠎ᠠ ᠬᠥᠮᠥᠨ ᠠᠮᠠ 11.54 ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.29 ᠲᠦᠮᠡ ᠨᠡᠮᠡᠭᠳᠡᠪᠡ᠃ ᠡᠭᠦᠨ ᠢᠶᠠᠷ ᠪᠤᠳᠤᠪᠠᠯ᠂ 2022 ᠣᠨ ᠳᠤ ᠬᠠᠩᠭᠢᠨ ᠬᠤᠰᠢᠭᠤᠨ ᠤ ᠬᠥᠮᠥᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠥᠩᠬᠡᠢ ᠥᠷᠲᠡᠭ 145614 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.9% ᠨᠡᠮᠡᠭᠳᠡᠪᠡ᠂ 2022 ᠣᠨ ᠤ ᠠᠷᠠᠳ ᠤᠨ ᠵᠣᠭᠤᠰ ᠤᠨ ᠳᠤᠮᠳᠠᠴᠢ ᠭᠤᠪᠢᠭᠤᠯᠭ᠎ᠠ ᠶᠢᠨ ᠨᠣᠷᠮ᠎ᠠ 1 ᠳ᠋ᠣᠯᠯᠠᠷ ᠲᠤ 6.7261 ᠲᠥᠭᠦᠷᠢᠭ ᠠᠷᠠᠳ ᠤᠨ ᠵᠣᠭᠤᠰ ᠢᠶᠠᠷ ᠨᠤᠭᠤᠯᠤᠨ ᠪᠤᠳᠤᠪᠠᠯ 21649 ᠳ᠋ᠣᠯᠯᠠᠷ ᠪᠣᠯᠣᠨ᠎ᠠ᠃
ᠢᠷᠡᠯᠲᠡ᠄ ᠬᠠᠩᠭᠢᠨ ᠬᠤᠰᠢᠭᠤ