ᠬᠥᠮᠥᠨ ᠠᠮᠠ ᠶᠢᠨ ᠬᠤᠪᠢᠷᠠᠯᠲᠠ ᠶᠢᠨ ᠰᠤᠭᠤᠴᠢᠨ ᠪᠠᠶᠢᠴᠠᠭᠠᠯᠲᠠ ᠶᠢᠨ ᠳ᠋ᠦᠩ ᠠᠴᠠ ᠦᠵᠡᠪᠡᠯ᠂ 2022 ᠣᠨ ᠳᠤ ᠪᠥᠬᠦ ᠬᠤᠰᠢᠭᠤᠨ ᠤ ᠪᠠᠶᠢᠩᠭᠤ | ᠰᠠᠭᠤᠭ᠎ᠠ ᠬᠥᠮᠥᠨ ᠠᠮᠠ 9.72 ᠲᠦᠮᠡ ᠳᠤ ᠬᠦᠷᠪᠡ᠃ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠥᠨ ᠠᠮᠠ ᠶᠢᠨ 4.4% ᠶᠢ ᠡᠵᠡᠯᠡᠨ᠎ᠡ᠃ ᠮᠠᠨ ᠤ | ᠬᠤᠰᠢᠭᠤᠨ ᠤ ᠬᠥᠮᠥᠨ ᠠᠮᠠ ᠶᠢᠨ ᠬᠥᠭᠵᠢᠯᠲᠡ ᠳᠤ ᠭᠤᠣᠯᠳᠠᠭᠤ ᠳᠣᠣᠷᠠᠬᠢ ᠮᠡᠲᠦ ᠣᠨᠴᠠᠯᠢᠭ ᠲᠠᠢ᠄ | ᠨᠢᠭᠡ᠂ ᠬᠥᠮᠥᠨ ᠠᠮᠠ ᠶᠢᠨ ᠶᠡᠷᠦᠩᠬᠡᠢ ᠬᠡᠮᠵᠢᠶ᠎ᠡ ᠲᠣᠭᠲᠠᠭᠤᠨ ᠢᠶᠠᠷ ᠨᠡᠮᠡᠭᠳᠡᠪᠡ | 2022 ᠣᠨ ᠳᠤ᠂ ᠪᠥᠬᠦ ᠬᠤᠰᠢᠭᠤ ᠶᠢᠨ ᠪᠠᠶᠢᠩᠭᠤ ᠰᠠᠭᠤᠭ᠎ᠠ ᠬᠥᠮᠥᠨ ᠠᠮᠠ 9.72 ᠲᠦᠮᠡ ᠳᠤ ᠬᠦᠷᠴᠦ᠂ 2021 ᠣᠨ ᠤ 9.42 ᠲᠦᠮᠡ ᠲᠠᠢ | ᠬᠠᠷᠢᠴᠠᠭᠤᠯᠪᠠᠯ 3000 ᠬᠥᠮᠥᠨ ᠨᠡᠮᠡᠭᠳᠡᠵᠦ᠂ 3.19% ᠪᠠᠷ ᠨᠡᠮᠡᠭᠳᠡᠪᠡ︔ 2018 ᠣᠨ ᠤ 8.86 ᠲᠦᠮᠡᠨ ᠬᠥᠮᠥᠨ ᠲᠠᠢ ᠬᠠᠷᠢᠴᠠᠭᠤᠯᠪᠠᠯ 8600 ᠬᠥᠮᠥᠨ | ᠨᠡᠮᠡᠭᠳᠡᠵᠦ᠂ 9.7% ᠨᠡᠮᠡᠭᠳᠡᠪᠡ︔ ᠪᠠᠶᠢᠩᠭᠤ ᠰᠠᠭᠤᠭ᠎ᠠ ᠬᠥᠮᠥᠨ ᠠᠮᠠ 5 ᠵᠢᠯ ᠳᠠᠷᠠᠭᠠᠯᠠᠨ ᠲᠣᠭᠲᠠᠭᠤᠨ ᠢᠶᠠᠷ ᠨᠡᠮᠡᠭᠳᠡᠪᠡ᠃ | ᠬᠤᠶᠠᠷ᠂ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠳᠠ ᠪᠠᠯᠭᠠᠰᠤᠴᠢᠯᠠᠬᠤ ᠠᠬᠢᠴᠠ ᠶᠢ ᠯᠠᠪᠳᠠᠭᠤᠨ ᠢᠶᠠᠷ ᠠᠬᠢᠭᠤᠯᠪᠠ | 2022 ᠣᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠬᠥᠮᠥᠨ ᠠᠮᠠ 5.88 ᠲᠦᠮᠡ ᠳᠤ ᠬᠦᠷᠴᠦ᠂ 2021 ᠣᠨ ᠤ 5.68 ᠲᠦᠮᠡᠨ | ᠬᠥᠮᠥᠨ ᠲᠠᠢ ᠬᠠᠷᠢᠴᠠᠭᠤᠯᠪᠠᠯ 2000 ᠬᠥᠮᠥᠨ ᠨᠡᠮᠡᠭᠳᠡᠪᠡ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠬᠥᠮᠥᠨ ᠠᠮᠠ 3.84 ᠲᠦᠮᠡ ᠪᠠᠶᠢᠵᠤ᠂ 2021 | ᠣᠨ ᠤ 3.74 ᠲᠦᠮᠡᠨ ᠬᠥᠮᠥᠨ ᠲᠠᠢ ᠬᠠᠷᠢᠴᠠᠭᠤᠯᠪᠠᠯ 1000 ᠬᠥᠮᠥᠨ ᠨᠡᠮᠡᠭᠳᠡᠪᠡ᠃ ᠪᠥᠬᠦ ᠬᠤᠰᠢᠭᠤ ᠶᠢᠨ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ | ᠪᠠᠯᠭᠠᠰᠤᠵᠢᠯᠲᠠ ᠶᠢᠨ ᠨᠣᠷᠮ᠎ᠠ 60.49% ᠪᠠᠶᠢᠵᠤ᠂ ᠳᠡᠭᠡᠷ᠎ᠡ ᠵᠢᠯ ᠤᠨ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 0.19 ᠳᠡᠭᠡᠭᠰᠢᠯᠡᠪᠡ᠃ |