ᠰᠤᠷᠭᠠᠨ ᠬᠥᠮᠦᠵᠢᠯ ᠤᠨ ᠶᠠᠮᠤᠨ᠄ ᠨᠥᠬᠦᠴᠡᠯ ᠲᠠᠢ ᠭᠠᠵᠠᠷ ᠣᠷᠣᠨ ᠨᠢ ᠬᠠᠤᠯᠢ ᠪᠠᠷ ᠵᠠᠰᠠᠬᠤ ᠦᠢᠯᠡᠳᠦᠯᠭᠡ ᠶᠢᠨ ᠬᠥᠮᠦᠵᠢᠯ ᠢ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠡᠪᠴᠢᠶ᠎ᠡ ᠳᠤ ᠣᠷᠣᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2023/5/24
      ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 5 ᠰᠠᠷ᠎ᠠ ᠠᠴᠠ 12 ᠰᠠᠷ᠎ᠠ ᠪᠣᠯᠲᠠᠯ᠎ᠠ᠂ ᠰᠤᠷᠭᠠᠨ ᠬᠥᠮᠦᠵᠢᠯ ᠤᠨ ᠶᠠᠮᠤᠨ ᠨᠠᠢᠮᠠᠳᠤᠭᠠᠷ ᠬᠤᠭᠤᠴᠠᠭᠠᠨ ᠤ ᠪᠥᠬᠦ ᠤᠯᠤᠰ ᠤᠨ ᠰᠤᠷᠤᠭᠴᠢᠳ ᠤᠨ ︽ᠦᠨᠳᠦᠰᠦᠨ ᠬᠠᠤᠯᠢ ᠶᠢ ᠰᠤᠷᠤᠯᠴᠠᠵᠤ ᠦᠨᠳᠦᠰᠦᠨ ᠬᠠᠤᠯᠢ ᠶᠢ ᠡᠷᠬᠢᠮᠯᠡᠬᠦ︾ ᠰᠢᠷᠢᠰ ᠠᠵᠢᠯᠯᠠᠭ᠎ᠠ ᠶᠢ ᠡᠷᠭᠢᠯᠡᠬᠦ ᠪᠠᠷ ᠪᠤᠢ᠂ ᠰᠤᠷᠭᠠᠨ ᠬᠥᠮᠦᠵᠢᠯ ᠤᠨ ᠶᠠᠮᠤᠨ᠄ ᠡᠯ᠎ᠡ ᠭᠠᠵᠠᠷ ᠡᠯ᠎ᠡ ᠰᠤᠷᠭᠠᠭᠤᠯᠢ ᠳᠤ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠪᠠᠶᠢᠩᠭᠤᠵᠢᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠬᠠᠤᠯᠢ ᠪᠠᠷ ᠵᠠᠰᠠᠬᠤ ᠦᠢᠯᠡᠳᠦᠯᠭᠡ ᠶᠢᠨ ᠬᠥᠮᠦᠵᠢᠯ ᠢ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠵᠤ᠂ ᠵᠢᠯ ᠪᠦᠷᠢ ᠰᠤᠷᠤᠭᠴᠢᠳ ᠲᠤ 2 ᠬᠢᠴᠢᠶᠡᠯ ᠤᠨ ᠴᠠᠭ ᠠᠴᠠ ᠲᠡᠭᠡᠭᠰᠢ ᠬᠠᠤᠯᠢ ᠪᠠᠷ ᠵᠠᠰᠠᠬᠤ ᠦᠢᠯᠡᠳᠦᠯᠭᠡ ᠶᠢᠨ ᠬᠥᠮᠦᠵᠢᠯ ᠬᠦᠷᠳᠡᠭᠡᠬᠦ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃       ᠰᠤᠷᠭᠠᠨ ᠬᠥᠮᠦᠵᠢᠯ ᠤᠨ ᠶᠠᠮᠤᠨ᠄ ᠡᠯ᠎ᠡ ᠭᠠᠵᠠᠷ ᠡᠯ᠎ᠡ ᠰᠤᠷᠭᠠᠭᠤᠯᠢ ᠨᠢ ᠪᠣᠳᠠᠲᠤ ᠪᠠᠶᠢᠳᠠᠯ ᠢᠶᠠᠨ ᠦᠨᠳᠦᠰᠦᠯᠡᠨ᠂ ᠡᠳᠦᠷ ᠲᠤᠲᠤᠮ ᠤᠨ ᠰᠤᠷᠭᠠᠨ ᠬᠥᠮᠦᠵᠢᠯ ᠪᠣᠯᠤᠨ ᠲᠥᠪᠯᠡᠷᠡᠩᠭᠦ ᠢ ᠰᠤᠷᠭᠠᠨ ᠬᠥᠮᠦᠵᠢᠯ ᠢ ᠤᠶᠠᠯᠳᠤᠭᠤᠯᠬᠤ᠂ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ ᠪᠣᠯᠤᠨ ᠰᠦᠯᠵᠢᠶᠡᠨ ᠭᠠᠳᠠᠨᠠᠬᠢ ᠰᠤᠷᠭᠠᠨ ᠬᠥᠮᠦᠵᠢᠯ ᠢ ᠤᠶᠠᠯᠳᠤᠭᠤᠯᠬᠤ᠂ ᠰᠤᠷᠭᠠᠭᠤᠯᠢ ᠶᠢᠨ ᠲᠣᠲᠣᠷᠠᠬᠢ ᠰᠤᠷᠭᠠᠨ ᠬᠥᠮᠦᠵᠢᠯ ᠪᠣᠯᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠢ ᠤᠶᠠᠯᠳᠤᠭᠤᠯᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠶ᠃ ᠦᠨᠳᠦᠰᠦᠨ ᠬᠠᠤᠯᠢ ᠶᠢᠨ ᠬᠥᠮᠦᠵᠢᠯ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠡᠳᠦᠷ ᠲᠤᠳᠤᠮ ᠤᠨ ᠵᠢᠭᠠᠨ ᠰᠤᠷᠭᠠᠯᠲᠠ᠂ ᠬᠢᠴᠢᠶᠡᠯ ᠤᠨ ᠭᠠᠳᠠᠨᠠᠬᠢ ᠠᠵᠢᠯᠯᠠᠭ᠎ᠠ᠂ ᠬᠢᠴᠢᠶᠡᠯ ᠤᠨ ᠳᠠᠷᠠᠭᠠᠬᠢ ᠦᠢᠯᠡᠴᠢᠯᠡᠭᠡ᠂ ᠵᠤᠨ ᠤ ᠠᠮᠠᠷᠠᠯᠲᠠ ᠶᠢᠨ ᠳᠠᠰᠬᠠᠯ᠂ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠭᠡᠮ ᠤᠨ ᠦᠢᠯᠡᠳᠦᠯᠭᠡ ᠵᠡᠷᠭᠡ ᠲᠠᠢ ᠣᠷᠭᠠᠨᠢᠭ ᠢᠶᠠᠷ ᠠᠭᠤᠰᠤᠯᠴᠠᠭᠤᠯᠬᠤ ᠬᠡᠷᠡᠭᠲᠡᠢ ᠭᠡᠵᠦ ᠱᠠᠭᠠᠷᠳᠠᠵᠠᠢ᠃ 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ