ᠬᠤᠷᠤᠭᠠᠨᠴᠠᠶᠢᠳᠠᠮ ᠤᠨ ᠡᠷᠲᠡᠨ ᠤ ᠬᠤᠳᠠ᠄ ᠬᠥᠭᠵᠢᠨ ᠴᠡᠴᠡᠭᠯᠡᠭᠰᠡᠨ ᠠᠵᠤ ᠠᠬᠤᠢ ᠬᠠᠷᠢᠯᠴᠠᠨ ᠠᠭᠤᠰᠤᠯᠴᠠᠭᠰᠠᠨ ᠦᠨᠳᠦᠰᠦᠲᠡᠨ ᠤ ᠶᠠᠪᠤᠯᠴᠠᠭ᠎ᠠ ᠶᠢ ᠭᠡᠷᠡᠴᠢᠯᠡᠨ᠎ᠡ
ᠨᠡᠶᠢᠲᠡᠯᠡᠭᠰᠡᠨ ᠴᠠᠭ᠄
2023/5/26
    ᠬᠠᠩᠭᠢᠨ ᠬᠤᠰᠢᠭᠤᠨ ᠳᠤ 2000 ᠭᠠᠷᠤᠢ ᠵᠢᠯ ᠤᠨ ᠡᠮᠦᠨᠡᠬᠢ ᠬᠤᠷᠤᠭᠠᠨᠴᠠᠶᠢᠳᠠᠮ ᠤᠨ ᠡᠷᠲᠡᠨ ᠤ ᠬᠤᠳᠠ ᠪᠤᠢ᠂ ᠬᠠᠭᠤᠴᠢ ᠰᠤᠳᠤᠯᠤᠭᠴᠢᠳ ᠡ᠊ᠨᠳᠡ ᠠᠴᠠ ᠬᠠᠨ ᠤᠯᠤᠰ ᠤᠨ ᠦᠶ᠎ᠡ ᠶᠢᠨ ᠵᠣᠭᠤᠰ ᠴᠢᠳᠬᠤᠬᠤ ᠦᠢᠯᠡᠳᠭᠡᠯ ᠤᠨ ᠭᠠᠵᠠᠷ ᠤᠨ ᠪᠠᠭᠤᠷᠢ᠂ ᠸᠠᠭᠠᠷ ᠰᠠᠪᠠ ᠰᠢᠲᠠᠭᠠᠬᠤ ᠨᠦᠬᠡᠨ ᠭᠡᠷ᠂ ᠲᠡᠮᠦᠷ ᠬᠠᠶᠢᠯᠤᠭᠤᠯᠬᠤ ᠪᠠᠭᠤᠷᠢ᠂ ᠵᠣᠭᠤᠰ ᠮᠥᠩᠭᠦ᠂ ᠸᠠᠭᠠᠷ ᠰᠠᠪᠠ᠂ ᠠᠯᠪᠠᠨ ᠲᠠᠮᠠᠭ᠎ᠠ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠢ ᠢᠯᠡᠷᠡᠭᠦᠯᠵᠤ᠂ ᠡᠳᠡᠭᠡᠷ ᠡᠳ᠋ ᠪᠤᠳᠠᠰ ᠨᠢ ᠲᠤᠬᠠᠢ ᠶᠢᠨ ᠦᠶ᠎ᠡ ᠶᠢᠨ ᠠᠵᠤ ᠠᠬᠤᠢ ᠶᠢᠨ ᠬᠥᠭᠵᠢᠯ ᠪᠠᠳᠠᠷᠠᠯ ᠵᠢᠴᠢ ᠦᠨᠳᠦᠰᠦᠲᠡᠨ ᠨᠦᠭᠦᠳ ᠤᠨ ᠬᠠᠷᠢᠯᠴᠠᠭ᠎ᠠ ᠶᠠᠪᠤᠯᠴᠠᠭ᠎ᠠ ᠪᠠ ᠠᠭᠤᠰᠤᠯᠴᠠᠯ ᠢ ᠲᠤᠰᠬᠠᠨ ᠬᠠᠷᠠᠭᠤᠯᠤᠭᠰᠠᠨ ᠪᠤᠳᠠᠳᠤ ᠬᠡᠷᠡᠴᠢ ᠪᠤᠯᠤᠭᠰᠠᠨ ᠪᠠᠶᠢᠨ᠎ᠠ᠃
0.png
    ᠤᠳᠤᠬᠠᠨ ᠳᠤ ᠬᠤᠷᠤᠭᠠᠨᠴᠠᠶᠢᠳᠠᠮ ᠤᠨ ᠡᠷᠲᠡᠨ ᠤ ᠬᠤᠲᠠ ᠶᠢᠨ ᠵᠣᠭᠤᠰ ᠴᠢᠳᠬᠤᠬᠤ ᠦᠢᠯᠡᠳᠭᠡᠯ ᠤᠨ ᠪᠠᠭᠤᠷᠢ ᠶᠢ ᠨᠢᠭᠡᠨᠲᠡ ᠪᠦᠲᠦᠮᠵᠢᠲᠡᠶ ᠬᠠᠮᠠᠭᠠᠯᠠᠭᠰᠠᠨ ᠪᠠᠶᠢᠨ᠎ᠠ᠃ ᠵᠤᠭᠤᠰ ᠴᠢᠳᠬᠤᠬᠤ ᠦᠢᠯᠡᠳᠭᠡᠯ ᠤᠨ ᠪᠠᠭᠤᠷᠢ ᠨᠢ ᠣᠷᠳᠣ ᠳᠥᠷᠪᠡᠯᠵᠢᠨ ᠬᠡᠯᠪᠡᠷᠢ ᠲᠠᠢ᠂ ᠤᠰᠤ ᠵᠠᠯᠠᠬᠤ ᠰᠤᠪᠠᠭ᠂ ᠨᠦᠭᠡᠨ ᠬᠡᠷ᠂ ᠴᠢᠳᠬᠤᠮᠠᠯ ᠬᠡᠪ ᠵᠡᠷᠭᠡ ᠵᠤᠭᠤᠰ ᠴᠢᠳᠬᠤᠨ ᠦᠢᠯᠡᠳᠬᠦ ᠶᠠᠪᠤᠴᠠ ᠳᠤ ᠠᠰᠢᠭᠯᠠᠵᠤ ᠪᠠᠶᠢᠭᠰᠠᠨ ᠪᠠᠭᠠᠵᠢ ᠬᠡᠷᠡᠭᠰᠡᠯ ᠪᠠ ᠪᠠᠷᠢᠯᠭ᠎ᠠ ᠶᠢᠨ ᠤᠷᠤ ᠮᠦᠷ ᠪᠦᠷᠢᠨ ᠪᠦᠲᠦᠨ ᠪᠠᠶᠢᠳᠠᠭ᠃ ᠬᠠᠭᠤᠴᠢ ᠰᠤᠳᠤᠯᠤᠭᠴᠢᠳ ᠤᠨ ᠮᠠᠭᠠᠳᠯᠠᠭᠰᠠᠨ ᠢᠶᠠᠷ᠂ ᠡᠨᠡ ᠪᠣᠯ ᠬᠠᠨ ᠤᠯᠤᠰ ᠤᠨ ᠦᠶ᠎ᠡ ᠶᠢᠨ ᠵᠣᠭᠤᠰ ᠴᠢᠳᠬᠤᠬᠤ ᠦᠢᠯᠡᠳᠭᠡᠯ ᠤᠨ ᠭᠠᠵᠠᠷ ᠤᠨ ᠪᠠᠭᠤᠷᠢ ᠮᠦᠨ᠂ ᠪᠠᠷᠤᠭ ᠬᠠᠨ ᠡᠦ ᠳ᠋ᠢ ᠬᠠᠭᠠᠨ ᠠᠴᠠ ᠸᠠᠩ ᠮᠠᠩ ᠤᠨ ᠦᠶ᠎ᠡ ᠬᠦᠷᠲᠡᠯᠡᠬᠢ ᠴᠠᠭ ᠦᠶ᠎ᠡ ᠳᠤ ᠠᠰᠢᠭᠯᠠᠭᠳᠠᠵᠤ ᠪᠠᠶᠢᠵᠠᠢ᠃
1.png
    ᠬᠤᠷᠤᠭᠠᠨᠴᠠᠶᠢᠳᠠᠮ ᠤᠨ ᠡᠷᠲᠡᠨ ᠤ ᠬᠤᠲᠠ ᠶᠢᠨ ᠪᠠᠭᠤᠷᠢ ᠨᠢ ᠬᠠᠲᠤᠨ ᠭᠤᠣᠯ ᠤᠨ ᠡᠮᠦᠨ᠎ᠡ ᠡᠷᠭᠢ ᠳᠤ ᠪᠠᠶᠢᠷᠢᠯᠠᠳᠠᠭ ᠠᠴᠠ ᠡᠷᠲᠡᠨ ᠤ ᠦᠶ᠎ᠡ ᠳᠤ ︽ᠭᠤᠤᠯ ᠤᠨ ᠡᠮᠦᠨᠡᠬᠢ ᠭᠠᠵᠠᠷ︾ ᠭᠡᠳᠡᠭ᠂ ᠡ᠊ᠨᠳᠡᠬᠢ ᠬᠤᠲᠠ ᠪᠠᠯᠭᠠᠰᠤ ᠶᠢᠨ ᠪᠠᠭᠤᠷᠢ ᠪᠠ ᠵᠣᠭᠤᠰ ᠴᠢᠳᠬᠤᠬᠤ ᠦᠢᠯᠡᠳᠭᠡᠯ ᠤᠨ ᠭᠠᠵᠠᠷ ᠤᠨ ᠪᠠᠭᠤᠷᠢ ᠠᠴᠠ ᠦᠵᠡᠪᠡᠯ᠂ ᠪᠠᠷᠠᠭᠤᠨ ᠬᠠᠨ ᠤᠯᠤᠰ ᠠᠴᠠ ᠸᠠᠩ ᠮᠠᠩ ᠤᠨ ᠦᠶ᠎ᠡ ᠬᠦᠷᠲᠡᠯᠡᠬᠢ ᠴᠠᠭ ᠬᠤᠭᠤᠴᠠᠭᠠᠨ ᠳᠤ ᠣᠷᠳᠣᠰ ᠣᠷᠣᠨ ᠤ ᠠᠵᠤ ᠠᠬᠤᠶ ᠨᠡᠯᠢᠶᠡᠳ ᠬᠦᠭᠵᠢᠨ ᠴᠡᠴᠡᠭᠯᠡᠭᠰᠡᠨ ᠪᠠᠶᠢᠨ᠎ᠠ᠃
2.png
    ᠥᠪᠥᠷ ᠮᠣᠩᠭᠤᠯ ᠤᠨ ᠮᠦᠽᠧᠶ ᠶᠢᠨ ᠬᠦᠷᠢᠶᠡᠯᠡᠩ ᠤᠨ ᠳᠠᠷᠤᠭ᠎ᠠ ᠴᠧᠨ ᠶᠦᠩ ᡁᠢ ᠬᠤᠷᠤᠭᠠᠨᠴᠠᠶᠢᠳᠠᠮ ᠤᠨ ᠡᠷᠳᠡᠨ ᠤ ᠬᠤᠳᠠ ᠶᠢᠨ ᠪᠠᠭᠤᠷᠢ ᠠᠴᠠ ᠠᠪᠤᠷᠠᠯᠳᠠ ᠶᠢᠨ ᠴᠢᠨᠠᠷᠲᠠᠶ ᠠᠭᠤᠳᠠᠯᠤᠯᠲᠠ ᠬᠢᠵᠦ ᠥᠩᠭᠡᠷᠡᠵᠡᠶ᠃ ᠴᠧᠨ ᠶᠦᠩ ᡁᠢ ᠬᠡᠯᠡᠬᠦ ᠳᠡᠭᠡᠨ᠂ ᠲᠤᠬᠠᠶ ᠶᠢᠨ ᠦᠶ᠎ᠡ ᠳᠤ ᠵᠣᠭᠤᠰ ᠴᠢᠳᠬᠤᠬᠤ ᠳᠥᠷᠪᠡᠨ ᠤᠭᠤᠷᠬᠠᠢ᠂ 150 ᠭᠠᠷᠤᠶ ᠲᠦᠷᠦᠯ ᠤᠨ ᠵᠤᠭᠤᠰ ᠢ ᠢᠯᠡᠷᠡᠬᠦᠯᠵᠤ᠂ ᠤᠯᠳᠠᠭᠰᠠᠨ ᠵᠤᠭᠤᠰ ᠤᠨ ᠶᠡᠷᠦᠩᠬᠡᠶ ᠲᠤᠭ᠎ᠠ ᠬᠡᠮᠵᠢᠶ᠎ᠡ ᠨᠢ ᠬᠡᠳᠦᠨ ᠠᠷᠪᠠᠨ ᠲᠦᠮᠡ ᠳᠤ ᠬᠦᠷᠴᠡᠶ᠃ ᠵᠣᠭᠤᠰ ᠤᠨ ᠬᠡᠯᠪᠡᠷᠢ ᠲᠦᠷᠰᠦ ᠶᠢ ᠠᠵᠢᠭᠯᠠᠪᠠᠯ᠂ ᠣᠯᠠᠩᠭᠢ ᠨᠢ ᠳᠥᠷᠪᠡᠯᠵᠢᠨ ᠨᠦᠬᠡ ᠲᠠᠢ ᠲᠥᠭᠦᠷᠢᠭ ᠵᠣᠭᠤᠰ ᠪᠠᠶᠢᠵᠤ᠂ ᠲᠡᠳᠡᠭᠡᠷ ᠨᠢ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠠᠴᠢᠶᠠᠯᠠᠪᠤᠷᠢ ᠪᠤᠯᠤᠨ᠎ᠠ ᠬᠡᠵᠡᠢ᠃   
3.png
    ᠬᠤᠷᠤᠭᠠᠨᠴᠠᠶᠢᠳᠠᠮ ᠤᠨ ᠡᠷᠳᠡᠨ ᠤ ᠬᠤᠳᠠ ᠠᠴᠠ ᠤᠯᠳᠠᠭᠰᠠᠨ ᠡᠷᠳᠡᠨ ᠤ ᠵᠣᠭᠤᠰ ᠢ ᠰᠤᠳᠤᠯᠬᠤ ᠪᠠᠷ ᠳᠠᠮᠵᠢᠭᠠᠳ᠂ ᠨᠡᠶᠢᠲᠡ ᠶᠢᠨ ᠣᠨ ᠲᠣᠭᠠᠯᠠᠯ ᠤᠨ 7 ᠣᠨ ᠠᠴᠠ ᠨᠡᠶᠢᠲᠡ ᠶᠢᠨ ᠣᠨ ᠲᠣᠭᠠᠯᠠᠯ ᠤᠨ 14 ᠣᠨ ᠬᠦᠷᠲᠡᠯᠡᠬᠢ ᠣᠬᠤᠷᠬᠠᠨ ᠬᠤᠭᠤᠴᠠᠭᠠᠨ ᠳᠤ ᠸᠠᠩ ᠮᠠᠩ ᠵᠣᠭᠤᠰ ᠤᠨ ᠥᠭᠡᠷᠡᠴᠢᠯᠡᠯᠲᠡ ᠶᠢ ᠲᠦᠷᠪᠡ ᠤᠳᠠᠭ᠎ᠠ ᠬᠢᠭᠰᠡᠨ ᠢ ᠮᠡᠳᠡᠵᠡᠢ᠃ ᠡᠨᠡ ᠨᠢ ᠲᠤᠬᠠᠢ ᠶᠢᠨ ᠴᠠᠭ ᠦᠶ᠎ᠡ ᠳᠤ ᠨᠡᠶᠢᠭᠡᠮ ᠳᠡᠭᠡᠷ᠎ᠡ ᠡᠳᠡᠭᠡᠷ ᠲᠦᠷᠦᠯ ᠤᠨ ᠵᠣᠭᠤᠰ ᠢ ᠬᠡᠷᠡᠭᠰᠡᠬᠦ ᠬᠡᠮᠵᠢᠶ᠎ᠡ ᠮᠠᠰᠢ ᠶᠡᠭᠡ ᠪᠠᠶᠢᠭᠰᠠᠨ ᠮᠥᠷᠲᠡᠭᠡᠨ ᠠᠳᠠᠯᠢ ᠪᠤᠰᠤ ᠦᠷᠳᠡᠭ ᠤᠨ ᠵᠤᠭᠤᠰ ᠤᠨ ᠬᠡᠷᠡᠭᠴᠡᠭᠡ ᠴᠦ ᠶᠡᠭᠡ ᠪᠠᠶᠢᠬᠰᠠᠨ ᠬᠡᠳᠡᠭ ᠢ ᠲᠣᠳᠣᠷᠬᠠᠶᠢᠯᠠᠵᠤ ᠪᠠᠶᠢᠨ᠎ᠠ᠂ ᠮᠦᠨ ᠴᠤ ᠲᠤᠬᠠᠢ ᠶᠢᠨ ᠦᠶ᠎ᠡ ᠶᠢᠨ ᠨᠡᠶᠢᠭᠡᠮ ᠤᠨ ᠣᠷᠴᠢᠨ ᠠᠬᠤᠢ ᠲᠣᠭᠲᠠᠭᠤᠨ᠂ ᠠᠵᠤ ᠠᠬᠤᠶ ᠴᠡᠴᠡᠭᠯᠡᠨ ᠬᠥᠭᠵᠢᠵᠦ᠂ ᠲᠠᠸᠠᠷ ᠤᠨ ᠰᠣᠯᠢᠯᠴᠠᠭ᠎ᠠ ᠰᠠᠶᠢᠨ ᠪᠠᠶᠢᠭᠰᠠᠨ ᠢ ᠭᠡᠷᠡᠴᠢᠯᠡᠵᠦ ᠪᠠᠶᠢᠨ᠎ᠠ᠃  
4.png
    ᠪᠠᠷᠠᠭᠤᠨ ᠬᠠᠨ ᠤᠯᠤᠰ ᠤᠨ ᠦᠶ᠎ᠡ ᠳᠤ ᠵᠢᠶᠦ᠋ᠨ ᠰᠢᠶᠠᠨ ᠤ ᠳᠦᠷᠢᠮ ᠢ ᠬᠡᠷᠡᠭᠵᠢᠭᠦᠯᠵᠦ᠂ ᠪᠠᠷᠠᠭᠤᠨ ᠠᠴᠠ ᠵᠡᠭᠦᠨᠰᠢ ᠵᠠᠩ ᠶᠧ ᠵᠢᠶᠦ᠋ᠨ᠂ ᠱᠦᠸᠧ ᠹᠠᠩ ᠵᠢᠶᠦ᠋ᠨ᠂ ᠦᠶᠤᠸᠠᠨ ᠵᠢᠶᠦ᠋ᠨ᠂ ᠵᠢᠤ ᠶᠤᠸᠠᠨ ᠵᠢᠶᠦ᠋ᠨ᠂ ᠰᠢ ᠾᠧ ᠵᠢᠶᠦ᠋ᠨ᠂ ᠶᠦᠨ ᠵᠥᠩ ᠵᠢᠶᠦ᠋ᠨ ᠪᠠᠶᠢᠪᠠ᠃ ᠬᠤᠷᠤᠭᠠᠨᠴᠠᠶᠢᠳᠠᠮ ᠤᠨ ᠡᠷᠲᠡᠨ ᠤ ᠬᠤᠲᠠ ᠪᠣᠯ ᠰᠢ ᠾᠧ ᠵᠢᠶᠦ᠋ᠨ ᠤ ᠵᠠᠬᠢᠷᠤᠯᠲᠠ ᠳᠤ ᠬᠠᠷᠢᠶᠠᠯᠠᠭᠳᠠᠵᠤ᠂ ᠬᠠᠨ ᠤᠯᠤᠰ ᠤᠨ ᠤᠮᠠᠷᠠᠲᠤ ᠬᠢᠯᠢ ᠬᠢᠵᠠᠭᠠᠷ ᠣᠷᠣᠨ᠂ ᠬᠠᠲᠤᠨ ᠭᠤᠣᠯ ᠤᠨ ᠡᠷᠭᠢ ᠳᠠᠭᠠᠤ ᠪᠠᠶᠢᠭᠤᠯᠤᠭᠰᠠᠨ ᠬᠠᠮᠤᠭ ᠤᠨ ᠲᠣᠮᠣ ᠵᠢᠶᠦ᠋ᠨ ᠪᠠᠶᠢᠵᠤ᠂ 36 ᠰᠢᠶᠠᠨ ᠢ ᠬᠠᠷᠢᠶᠠᠯᠠᠵᠤ ᠪᠠᠶᠢᠪᠠ᠃ ᠡ᠊ᠨᠳᠡ ᠠᠴᠠ ᠪᠠᠰᠠ ᠬᠠᠨ ᠤᠯᠤᠰ ᠤᠨ ᠦᠶ᠎ᠡ ᠶᠢᠨ ᠰᠢ ᠾᠧ ᠵᠢᠶᠦ᠋ᠨ ᠤ ᠲᠠᠷᠢᠶᠠᠯᠠᠩ ᠤᠨ ᠵᠠᠷᠯᠢᠭ ᠢ ᠪᠠᠭᠤᠯᠭᠠᠬᠤ ᠠᠯᠪᠠᠨ ᠲᠠᠮᠠᠭ᠎ᠠ᠂ ᠠᠮᠤ ᠪᠤᠳᠠᠭ᠎ᠠ ᠬᠠᠳᠠᠭᠠᠯᠠᠬᠤ ᠳᠤ ᠬᠡᠷᠡᠭᠯᠡᠵᠤ ᠪᠠᠶᠢᠭᠰᠠᠨ ᠸᠠᠭᠠᠷ ᠰᠠᠪᠠ ᠵᠡᠷᠭᠡ ᠴᠢᠬᠤᠯᠠ ᠲᠡᠦᠬᠡ ᠰᠣᠶᠣᠯ ᠤᠨ ᠳᠤᠷᠠᠰᠬᠠᠯᠲᠤ ᠵᠦᠢᠯᠡᠰ ᠢ ᠮᠠᠯᠲᠠᠨ ᠭᠠᠷᠭᠠᠵᠠᠶ᠂ ᠡᠨᠡ ᠨᠢ ᠬᠠᠨ ᠤᠯᠤᠰ ᠤᠨ ᠦᠶ᠎ᠡ ᠳᠤ ᠡᠨᠡ ᠬᠡᠰᠡᠭ ᠭᠠᠵᠠᠷ ᠣᠷᠣᠨ ᠳᠤ ᠲᠠᠷᠢᠶᠠᠯᠠᠩ ᠦᠢᠯᠡᠳᠪᠦᠷᠢᠯᠡᠯ ᠢ ᠲᠤᠰᠬᠠᠶ ᠬᠠᠮᠢᠶᠠᠷᠬᠤ ᠪᠠᠶᠢᠭᠤᠯᠤᠮᠵᠢ ᠲᠠᠢ ᠪᠠᠶᠢᠭᠰᠠᠨ ᠭᠡᠳᠡᠭ ᠢ ᠬᠠᠷᠠᠭᠤᠯᠤᠭᠰᠠᠨ ᠪᠦᠭᠡᠳ ᠬᠠᠨ ᠤᠯᠤᠰ ᠤᠨ ᠦᠶ᠎ᠡ ᠳᠤ ᠬᠤᠷᠤᠭᠠᠨᠴᠠᠶᠢᠳᠠᠮ ᠤᠨ ᠡᠷᠲᠡᠨ ᠤ ᠬᠤᠳᠠ ᠶᠢᠨ ᠪᠠᠶᠢᠭᠰᠠᠨ ᠭᠠᠵᠠᠷ ᠤᠷᠤᠨ ᠳᠤ᠂ ᠲᠠᠷᠤᠢ ᠤᠳᠤ ᠶᠢᠨ ᠬᠠᠳᠤᠨ ᠭᠤᠣᠯ ᠤᠨ ᠬᠤᠶᠠᠷ ᠡᠷᠭᠢ ᠳᠤ ᠲᠠᠷᠢᠶᠠᠯᠠᠩ ᠦᠢᠯᠡᠳᠪᠦᠷᠢᠯᠡᠯ ᠴᠡᠴᠡᠭᠯᠡᠨ ᠬᠦᠭᠵᠢᠵᠤ᠂ ᠶᠡᠭᠡ ᠬᠡᠮᠵᠢᠶᠡᠨ ᠤ ᠠᠮᠤ ᠪᠤᠳᠠᠭ᠎ᠠ ᠦᠢᠯᠡᠳᠪᠦᠷᠢᠯᠡᠵᠦ᠂ ᠠᠷᠠᠳ ᠤᠯᠠᠨ ᠠᠮᠤᠷ ᠲᠠᠶᠢᠪᠤᠡᠭ ᠠᠵᠤ ᠲᠦᠷᠦᠵᠤ ᠪᠠᠶᠢᠭᠰᠠᠨ ᠢ ᠬᠡᠷᠡᠴᠢᠯᠡᠭᠰᠡᠨ ᠪᠠᠶᠢᠨ᠎ᠠ᠃
5.png
    ᠬᠤᠷᠤᠭᠠᠨᠴᠠᠶᠢᠳᠠᠮ ᠤᠨ ᠡᠷᠲᠡᠨ ᠤ ᠬᠤᠳᠠ ᠶᠢᠨ ᠪᠠᠭᠤᠷᠢ ᠨᠢ ᠪᠠᠰᠠ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ ᠬᠠᠷᠠᠭᠤᠯᠵᠤ ᠪᠤᠢ᠃ ᠦᠨᠳᠦᠰᠦᠳᠡᠨ ᠨᠦᠭᠦᠳ ᠨᠢᠭᠲᠠ ᠬᠠᠷᠢᠯᠴᠠᠵᠤ᠂ ᠠᠵᠤ ᠠᠬᠤᠢ ᠨᠡᠶᠢᠭᠡᠮ ᠤᠨ ᠲᠠᠯ᠎ᠠ ᠪᠠᠷ ᠬᠠᠷᠢᠯᠴᠠᠨ ᠠᠭᠤᠰᠤᠯᠴᠠᠭᠰᠠᠨ ᠨᠢ ᠲᠤᠬᠠᠶ ᠶᠢᠨ ᠦᠶ᠎ᠡ ᠶᠢᠨ ᠬᠠᠲᠤᠨ ᠭᠤᠤᠯ ᠤᠨ ᠬᠤᠶᠠᠷ ᠡᠷᠭᠢ᠂ ᠣᠷᠳᠣᠰ ᠵᠡᠷᠭᠡ ᠭᠠᠵᠠᠷ ᠣᠷᠣᠨ ᠤ ᠦᠨᠳᠦᠰᠦᠳᠡᠨ ᠤ ᠬᠠᠷᠢᠴᠠᠭ᠎ᠠ ᠶᠢᠨ ᠦᠨᠡᠨ ᠪᠣᠳᠠᠲᠠᠶ ᠪᠠᠶᠢᠳᠠᠯ ᠢ ᠲᠤᠰᠬᠠᠵᠦ ᠪᠠᠶᠢᠬ᠋᠎ᠠ ᠶᠤᠮ᠂ ᠲᠡᠶᠢᠮᠦ ᠠᠴᠠ ᠬᠤᠷᠤᠭᠠᠨᠴᠠᠶᠢᠳᠠᠮ ᠤᠨ ᠡᠷᠲᠡᠨ ᠤ ᠬᠤᠲᠠ ᠶᠢ ᠢᠯᠡᠷᠡᠭᠦᠯᠦᠭᠰᠡᠨ ᠨᠢ ᠡᠷᠳᠡᠨ ᠤ ᠦᠶ᠎ᠡ ᠶᠢᠨ ᠤᠷᠳᠤᠰ ᠤᠷᠤᠨ ᠤ ᠲᠡᠤᠭᠡ ᠰᠤᠶᠤᠯ᠂ ᠠᠵᠤ ᠠᠬᠤᠢ ᠨᠡᠶᠢᠭᠡᠮ ᠤᠨ ᠪᠠᠶᠢᠳᠠᠯ ᠪᠠ ᠦᠨᠳᠦᠰᠦᠳᠡᠨ ᠤ ᠬᠠᠷᠢᠴᠠᠭ᠎ᠠ ᠶᠢ ᠰᠤᠳᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
6.png
 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ