︽ᠲᠤᠮᠳᠠᠳᠤ ᠤᠯᠤᠰ︾ ᠭᠡᠬᠦ ᠨᠡᠷ᠎ᠡ ᠶᠢᠨ ᠢᠷᠡᠯᠳᠡ
ᠨᠡᠶᠢᠲᠡᠯᠡᠭᠰᠡᠨ ᠴᠠᠭ᠄
2023/6/12
        ᠲᠡᠥᠬᠡᠨ ᠲᠡᠭᠡᠷ᠎ᠡ ︽ᠲᠤᠮᠳᠠᠳᠤ ᠤᠯᠤᠰ︾ ᠭᠡᠳᠡᠭ ᠎ ᠨᠢ ︽  ᠬᠤᠳᠠ︾ ᠭᠡᠬᠦ  ᠦᠭᠡ ᠶᠢᠨ ᠤᠳᠬ᠎ᠠ ᠲᠠᠢ ᠪᠠᠶᠢᠵᠠᠢ᠃ ︽ᠲᠤᠮᠳᠠᠳᠤ ᠤᠯᠤᠰ︾ ᠭᠡᠳᠡᠭ ᠎ ᠨᠢ ︽ᠲᠤᠮᠳᠠᠳᠤ ᠬᠤᠳᠠ︾ ᠭᠡᠬᠦ ᠦᠬᠡ ᠲᠠᠢ ᠤᠶᠢᠷᠠᠯᠴᠠᠭ᠎ᠠ ᠪᠠᠶᠢᠳᠠᠭ᠃ ᠵᠧᠥ ᠤᠯᠤᠰ ᠤᠨ ᠦᠶ᠎ᠡ ᠳᠤ ︽ᠲᠤᠮᠳᠠᠳᠤ ᠤᠯᠤᠰ︾ ᠭᠡᠳᠡᠭ ᠨᠢ ᠬᠠᠷᠢᠨ ᠲᠠᠪᠤᠨ ᠵᠦᠢᠯ ᠤᠨ ᠤᠳᠬ᠎ᠠ ᠲᠠᠢ  ᠪᠠᠶᠢᠳᠠᠭ᠃ ᠲᠠᠷᠤᠢ᠄ 1. ︵ᠨᠡᠶᠢᠰᠯᠡᠯ︶᠂ 2. ︵ᠰᠢᠭᠤᠳ ᠨᠤᠶᠠᠷᠬᠠᠵᠤ ᠪᠠᠶᠢᠭᠰᠠᠨ ᠬᠠᠭᠠᠨᠳᠤ ᠤᠯᠤᠰ︶ 3. ︵ᠲᠤᠮᠳᠠᠳᠤ ᠲᠠᠯ᠎ᠠ ᠭᠠᠵᠠᠷ︶᠂ 4. ︵ᠤᠯᠤᠰ ᠭᠦᠷᠦᠨ ᠤ ᠲᠤᠳᠤᠭᠠᠳᠤ︶᠂ 5. ︵ᠬᠢᠳᠠᠳ ᠦᠨᠳᠦᠰᠦᠳᠡᠨ ᠤ ᠰᠠᠭᠤᠷᠢᠰᠢᠵᠤ ᠪᠠᠶᠢᠭᠰᠠᠨ ᠭᠠᠵᠠᠷ︶ ᠵᠡᠷᠭᠡ ᠶᠢ ᠬᠡᠯᠡᠵᠤ ᠪᠠᠶᠢᠵᠠᠢ᠃ ᠲᠠᠷᠤᠢ ᠲᠤᠮᠳᠠᠳᠤ ᠤᠯᠤᠰ ᠭᠡᠳᠡᠭ ᠨᠢ ᠵᠦᠪᠬᠡᠨ ᠲᠦᠷᠢᠰᠦᠯᠡᠨ ᠬᠡᠯᠡᠭᠰᠡᠨ ᠦᠭᠡ ᠪᠤᠯᠠᠬᠤ ᠠᠴᠠ ᠪᠢᠰᠢ᠂ ᠬᠠᠷᠢᠨ ᠲᠤᠰᠬᠠᠢ ᠨᠡᠷᠡᠰ ᠦᠭᠡ ᠪᠢᠰᠢ ᠶᠤᠮ᠃        ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠠᠴᠠ ᠰᠡᠭᠦᠯᠡᠷ ᠰᠠᠶ᠋ᠢ ︽ᠲᠤᠮᠳᠠᠳᠤ ᠤᠯᠤᠰ︾᠎ ᠎ ᠢ ︽ᠲᠤᠮᠳᠠᠳᠤ ᠢᠷᠭᠡᠨ ᠤᠯᠤᠰ︾ ᠭᠡᠵᠤ ᠲᠤᠪᠴᠢᠯᠠᠨ ᠲᠠᠭᠤᠳᠠᠵᠤ᠂ ᠴᠢᠯᠦᠭᠡᠯᠡᠭᠳᠡᠭᠰᠡᠨ ᠤ ᠲᠠᠷᠠᠭ᠎ᠠ ︽ᠲᠤᠮᠳᠠᠳᠤ ᠤᠯᠤᠰ︾᠎ ᠎ ᠢ  ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ︾ ᠭᠡᠵᠤ ᠲᠠᠭᠤᠳᠠᠬᠤ ᠪᠤᠯᠵᠠᠢ᠃
ᠢᠷᠡᠯᠲᠡ᠄ ᠬᠤᠯᠪᠤᠭ᠎ᠠ ᠰᠦᠯᠵᠢᠶ᠎ᠡ