1—᠎ 4 ᠰᠠᠷ᠎ᠠ ᠳᠤ ᠮᠠᠨ ᠤ ᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠭᠤᠣᠯ ᠭᠦᠢᠴᠡᠳᠭᠡᠯ ᠲᠤᠭ᠎ᠠ ᠲᠤᠭᠳᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2023/6/19
       1—4 ᠰᠠᠷ᠎ᠠ ᠳᠤ᠂ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠷᠠᠳ ᠠᠴᠠ ᠡᠵᠡᠩᠨᠡᠭᠰᠡᠨ ᠠᠵᠤ ᠦᠢᠯᠡᠳᠪᠤᠷᠢ ᠶᠢᠨ ᠠᠵᠤ ᠠᠬᠤᠶᠢᠯᠠᠯ 46.5 ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ 78.5 % ᠎ ᠶᠢ ᠡᠵᠡᠯᠡᠵᠤ᠂ ᠨᠡᠮᠡᠭᠳᠡᠯ ᠤᠨ ᠥᠷᠳᠡᠭ ᠨᠢ ᠠᠳᠠᠯᠢ ᠬᠤᠭᠤᠴᠠᠭᠠᠨ ᠤ ᠬᠢ ᠠᠴᠠ10.8%᠎ ᠪᠠᠷ  ᠨᠡᠮᠡᠭᠳᠡᠵᠦ᠂ ᠪᠦᠬᠦ ᠬᠤᠲᠠ ᠶᠢᠨ ᠲᠤᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠶᠢᠨ ᠬᠠᠷᠢᠴᠠᠯ ᠤᠨ 52.3%᠎ ᠶᠢ ᠡᠵᠡᠯᠡᠪᠡ᠃ ᠪᠦᠬᠦ ᠬᠤᠲᠠ ᠶᠢᠨ ᠠᠷᠠᠳ ᠠᠴᠠ ᠡᠵᠡᠩᠨᠡᠭᠰᠡᠨ ᠨᠡᠶᠢᠭᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠪᠤᠷᠤᠯᠠᠭᠤᠯᠤᠭᠰᠠᠨ ᠶᠡᠷᠤᠩᠭᠡᠢ  ᠲᠤᠭ᠎ᠠ 168.7 ᠳ᠋ᠦᠩᠰᠢᠭᠤᠷ ᠲᠦᠭᠦᠷᠢᠭ ᠲᠤ  ᠬᠦᠷᠴᠦ᠂  ᠠᠳᠠᠯᠢ ᠬᠤᠭᠤᠴᠠᠭᠠᠨ ᠤ ᠬᠢ ᠠᠴᠠ 7.6%᠎ ᠪᠠᠷ ᠨᠡᠮᠡᠭᠳᠡᠵᠦ᠂  ᠪᠦᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠪᠤᠷᠤᠯᠠᠭᠤᠯᠤᠭᠰᠠᠨ ᠶᠡᠷᠤᠩᠭᠡᠢ  ᠲᠣᠭᠠᠨ ᠤ 86.1%᠎ ᠶᠢ ᠡᠵᠡᠯᠡᠪᠡ᠃       ᠡᠭᠦᠨ ᠠᠴᠠ ᠭᠠᠳᠠᠨ᠎ᠠ᠂ ᠨᠢᠭᠡᠳᠣᠭᠡᠷ ᠣᠯᠠᠷᠢᠯ ᠳᠤ᠂ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠭᠢ ᠦᠢᠯᠡᠴᠢᠯᠡᠭᠡᠨ ᠤ ᠦᠢᠯᠡᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ 217 ᠪᠠᠶᠢᠵᠤ᠂ ᠬᠡᠪᠴᠢᠶᠡᠵᠢᠯ ᠠᠴᠠ ᠳᠡᠭᠡᠭᠰᠢᠭᠢ ᠦᠢᠯᠡᠴᠢᠯᠡᠭᠡᠨ ᠤ ᠦᠢᠯᠡᠰ ᠤᠨ ᠪᠦᠬᠦ ᠠᠵᠤ ᠠᠬᠤᠶᠢᠯᠠᠯ ᠤᠨ 79.2%᠎ ᠢ ᠡᠵᠡᠯᠡᠵᠤ᠂  ᠡᠵᠡᠩᠨᠡᠯᠳᠡ ᠶᠢᠨ ᠤᠷᠤᠯᠭ᠎ᠠ ᠶᠢ 64.8 ᠳ᠋ᠦᠩᠰᠢᠭᠤᠷ ᠲᠦᠭᠦᠷᠢᠭ ᠪᠡᠶᠡᠯᠡᠭᠦᠯᠵᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ 51.3%᠎ ᠶᠢ ᠡᠵᠡᠯᠡᠪᠡ᠃ 
ᠢᠷᠡᠯᠲᠡ᠄ ᠣᠷᠳᠣᠰ ᠤᠨ ᠡᠳᠣᠷ ᠤᠨ ᠰᠣᠨᠢᠨ