ᠬᠠᠤᠯᠢ ᠴᠠᠭᠠᠵᠠ ᠶᠢᠨ ᠶᠠᠮᠤᠨ ᠠᠷᠠᠳ ᠲᠤ ᠳᠥᠭᠦᠮ ᠦᠵᠡᠭᠦᠯᠬᠦ ᠰᠢᠨ᠎ᠡ ᠠᠷᠭ᠎ᠠ ᠬᠡᠮᠵᠢᠶ᠎ᠡ ᠨᠡᠶᠢᠳᠡᠯᠡᠯ᠎ᠠ
ᠨᠡᠶᠢᠲᠡᠯᠡᠭᠰᠡᠨ ᠴᠠᠭ᠄
2023/7/10
      ᠬᠠᠤᠯᠢ ᠴᠠᠭᠠᠵᠠ ᠶᠢᠨ ᠶᠠᠮᠤᠨ 7 ᠰᠠᠷ᠎ᠠ ᠶᠢᠨ 3᠎ ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠠᠯᠪᠠᠨ ᠭᠡᠷᠡᠴᠢᠯᠡᠭᠡ ᠶᠢᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢᠨ ᠲᠤᠬᠠᠢ ᠮᠡᠳᠡᠭᠳᠡᠪᠡ᠃      u ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ᠂ ᠬᠡᠷᠡᠴᠢ ᠦᠨᠡᠮᠯᠡᠯ᠂ ᠲᠤᠬᠠᠢ ᠶᠢᠨ ᠲᠠᠯᠠᠪᠤᠷ ᠤᠨ ᠬᠢᠨᠠᠯᠲᠠ᠂ ᠭᠡᠷ᠎ᠡ ︵ᠬᠡᠯᠡᠯᠴᠡᠭᠡᠷ︶ ᠵᠡᠷᠭᠡ ᠠᠯᠪᠠᠨ ᠭᠡᠷᠡᠴᠢᠯᠡᠭᠡ ᠶᠢᠨ ᠵᠦᠢᠯᠡᠰ ᠲᠤ ᠬᠡᠷᠡᠭᠰᠡᠬᠦ ᠭᠡᠷᠡᠴᠢᠯᠡᠬᠦ ᠮᠠᠲ᠋ᠧᠷᠢᠶᠠᠯ ᠢ 396 ᠵᠦᠢᠯ ᠪᠠᠶᠢᠭᠰᠠᠨ ᠠᠴᠠ ᠨᠢ ᠬᠠᠰᠤᠭᠠᠳ 280 ᠵᠦᠢᠯ ᠪᠣᠯᠭᠠᠵᠠᠢ︔      u ᠪᠣᠳᠠᠲᠤ ᠶᠠᠪᠤᠳᠠᠯ ᠨᠢ ᠲᠣᠳᠣᠷᠬᠠᠢ᠂ ᠬᠠᠤᠯᠢ ᠴᠠᠭᠠᠵᠠ ᠶᠢᠨ ᠬᠠᠷᠢᠴᠠᠭ᠎ᠠ ᠨᠢ ᠳᠥᠭᠦᠮᠬᠡᠨ ᠵᠠᠷᠢᠮ ᠠᠯᠪᠠᠨ ᠭᠡᠷᠡᠴᠢᠯᠡᠭᠡ ᠶᠢᠨ ᠵᠦᠢᠯᠡᠰ ᠲᠤ ᠬᠤᠯᠪᠣᠭᠳᠠᠭᠰᠠᠨ ᠲᠤᠰᠠᠯᠠᠬᠤ ᠴᠢᠨᠠᠷᠲᠠᠢ ᠭᠡᠷᠡᠴᠢᠯᠡᠬᠦ ᠮᠠᠲ᠋ᠧᠷᠢᠶᠠᠯ ᠤᠨ ᠤᠬ ᠮᠠᠲ᠋ᠧᠷᠢᠶᠠᠯ ᠢ ᠬᠠᠨᠭ᠍ᠭᠠᠯᠭᠠᠬᠤ ᠪᠠᠷ ᠱᠠᠭᠠᠷᠳᠠᠬᠤ ᠦᠭᠡᠢ ᠪᠤᠯᠵᠤ᠂ ᠪᠠᠭᠤᠯᠭᠠᠪᠤᠷᠢ ᠪᠤᠶᠤ ᠭᠡᠷᠡᠯ ᠵᠢᠷᠤᠭ ᠤᠨ ᠳᠠᠷᠤᠮᠠᠯᠯᠠᠯ ᠢ ᠬᠠᠨᠭ᠍ᠭᠠᠪᠠᠯ ᠪᠤᠯᠴᠢᠬᠠᠨ᠎ᠠ︔      u 80 ᠨᠠᠰᠤ ᠵᠢᠴᠢ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠠᠩᠬ᠎ᠠ ᠤᠳᠠᠭ᠎ᠠ ᠭᠡᠷᠢᠶᠡᠰ ᠤᠨ ᠠᠯᠪᠠᠨ ᠭᠡᠷᠡᠴᠢᠯᠡᠭᠡ ᠬᠢᠯᠭᠡᠬᠦ ᠳᠤ ᠦᠢᠯᠡᠴᠢᠯᠡᠭᠡᠨ ᠤ ᠵᠠᠷᠤᠳᠠᠯ ᠬᠤᠷᠢᠶᠠᠬᠤ ᠦᠬᠡᠢ ᠪᠠᠶᠢᠵᠦ᠂ ᠣᠷᠣᠯᠭ᠎ᠠ ᠪᠠᠭ᠎ᠠ ᠬᠦᠮᠦᠰ᠂ ᠵᠡᠮᠳᠡᠭᠴᠦᠳ᠂  ᠬᠦᠯᠦᠰᠤᠨ ᠠᠵᠢᠯᠴᠢᠨ᠂ ᠨᠠᠰᠤᠲᠠᠶᠢᠴᠤᠳ᠂ ᠵᠠᠯᠠᠭᠤᠴᠤᠳ ᠪᠠᠭᠠᠴᠤᠳ ᠵᠡᠷᠭᠡ ᠤᠨᠴᠠᠭᠠᠢ ᠬᠠᠷᠠᠭᠠᠯᠵᠠᠯ ᠬᠦᠷᠳᠡᠬᠦ ᠬᠦᠮᠦᠰ ᠪᠠ ᠴᠡᠷᠢᠭ ᠤᠨ ᠬᠥᠮᠥᠨ᠂ ᠴᠡᠷᠢᠭ ᠤᠨ ᠭᠡᠷ ᠪᠦᠯᠢ᠂ ᠴᠡᠷᠢᠭ ᠠᠴᠠ ᠬᠠᠯᠠᠬᠳᠠᠬᠰᠠᠳ ᠵᠢᠴᠢ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠠᠴᠠ ᠲᠣᠭᠲᠠᠭᠠᠯ ᠶᠣᠰᠣᠭᠠᠷ ᠠᠯᠪᠠᠨ ᠭᠡᠷᠡᠴᠢᠯᠡᠭᠡ ᠶᠢᠨ ᠵᠠᠷᠤᠳᠠᠯ ᠢ ᠬᠠᠰᠤᠵᠤ ᠬᠡᠯᠳᠦᠷᠢᠭᠦᠯᠤᠨ᠎ᠡ᠃     
ᠢᠷᠡᠯᠲᠡ᠄ ᠰᠢᠨᠬᠤᠸᠠ ᠰᠦᠯᠵᠢᠶ᠎ᠡ