ᠤᠷᠳᠤᠰ ᠤᠨ ᠨᠢᠰᠭᠡᠯ ᠤᠨ ᠪᠠᠭᠤᠳᠠᠯ ᠰᠢᠨ᠎ᠡ ᠠᠭᠠᠷ ᠤᠨ ᠠᠶᠠᠯᠠᠯ ᠤᠨ ᠱᠤᠭᠤᠮ ᠨᠡᠮᠡᠪᠡ
ᠨᠡᠶᠢᠲᠡᠯᠡᠭᠰᠡᠨ ᠴᠠᠭ᠄
2023/7/10
                                 7 ᠰᠠᠷ᠎ᠠ ᠶᠢᠨ 8᠎ ᠤ ᠡᠳᠤᠷ ᠠᠴᠠ ᠡᠬᠢᠯᠡᠨ ᠤᠷᠳᠤᠰ ᠤᠨ ᠨᠢᠰᠭᠡᠯ ᠤᠨ ᠪᠠᠭᠤᠳᠠᠯ ᠳᠤ ᠤᠷᠳᠤᠰ  -  ᠲᠦᠷᠹᠠᠨ ᠤ ᠠᠭᠠᠷ ᠤᠨ ᠠᠶᠠᠯᠠᠯ ᠤᠨ ᠱᠤᠭᠤᠮ ᠢ ᠰᠢᠨ᠎ᠡ ᠪᠠᠷ ᠨᠡᠮᠡᠵᠡᠢ᠃  ᠲᠤᠰ ᠠᠭᠠᠷ ᠤᠨ ᠠᠶᠠᠯᠠᠯ ᠤᠨ ᠱᠤᠭᠤᠮ ᠢ ᠲᠤᠮᠳᠠᠳᠤ ᠤᠯᠤᠰ ᠤᠨ ᠬᠠᠮᠳᠤᠷᠠᠬᠰᠡᠨ ᠠᠭᠠᠷ ᠤᠨ ᠠᠶᠠᠯᠠᠯ ᠤᠨ ᠺᠤᠮᠫᠠᠨᠢ ᠠᠴᠠ ᠬᠦᠢᠴᠡᠳᠭᠡᠵᠤ᠂ ᠡᠳᠤᠷ ᠪᠦᠷᠢ ᠨᠢᠭᠡ ᠡᠭᠡᠯᠵᠢ ᠨᠢᠰᠤᠨ᠎ᠡ᠃       ᠲᠤᠰ ᠤᠳᠠᠭ᠎ᠠ ᠶᠢᠨ ᠤᠷᠳᠤᠰ - ᠲᠦᠷᠹᠠᠨ ᠤ ᠠᠭᠠᠷ ᠤᠨ ᠠᠶᠠᠯᠠᠯ ᠤᠨ ᠱᠤᠭᠤᠮ ᠢ ᠨᠡᠪᠳᠡᠷᠡᠭᠦᠯᠦᠭᠰᠡᠨ ᠨᠢ ᠠᠶᠠᠨᠴᠢᠳ ᠤᠨ ᠬᠦᠭᠵᠢᠶᠠᠨᠳᠤ ᠤᠯᠠᠷᠢᠯ ᠤᠨ ᠠᠶᠠᠯᠠᠯ ᠤᠨ ᠬᠡᠷᠡᠭᠴᠡᠭᠡ ᠶᠢ ᠬᠠᠨᠭ᠍ᠭᠠᠬᠤ ᠪᠠᠷ ᠪᠠᠷᠠᠬᠤ ᠦᠭᠡᠢ ᠠᠷᠠᠯᠵᠢᠶ᠎ᠠ ᠬᠤᠳᠠᠯᠳᠤᠭᠠᠨ ᠤ ᠶᠠᠪᠤᠯᠴᠠᠭ᠎ᠠ ᠪᠤᠯᠤᠨ ᠵᠤᠭᠠᠴᠠᠯ ᠤᠨ ᠦᠢᠯᠡᠰ ᠤᠨ ᠬᠦᠭᠵᠢᠯᠳᠡ ᠳᠤ ᠢᠳᠡᠪᠬᠢᠳᠠᠢ ᠦᠢᠯᠡᠳᠦᠯ ᠦᠵᠡᠭᠦᠯᠵᠤ᠂  ᠬᠤᠶᠠᠷ ᠭᠠᠵᠠᠷ ᠤᠨ ᠬᠤᠭᠤᠷᠤᠨᠳᠤᠬᠢ ᠵᠤᠭᠠᠴᠠᠯ᠂  ᠰᠤᠶᠤᠯ ᠤᠨ ᠡᠬᠢ ᠪᠠᠶᠠᠯᠢᠭ ᠢ ᠬᠠᠮᠳᠤᠪᠡᠷ ᠡᠳ᠋ᠯᠡᠬᠦ ᠶᠢ ᠵᠤᠷᠢᠭᠵᠢᠭᠤᠯᠤᠨ᠎ᠡ᠃        
ᠢᠷᠡᠯᠲᠡ᠄ ᠤᠷᠳᠤᠰ ᠤᠨ ᠡᠳᠤᠷ ᠤᠨ ᠰᠤᠨᠢᠨ ᠤ ᠮᠤᠩᠭᠤᠯ ᠬᠡᠪᠯᠡᠯ ᠤᠨ ᠸᠢᠴᠠᠲ ᠲᠠᠪᠴᠠᠩ